ᠣᠷᠳᠣᠰ ᠬᠤᠲᠠ ᠶᠢᠨ ᠮᠤᠩᠭᠤᠯ ᠬᠤᠶᠠᠳᠤᠭᠠᠷ ᠳᠤᠮᠳᠠᠳᠤ ᠰᠤᠷᠭᠠᠭᠤᠯᠢ ᠳᠡᠭᠦᠰᠬᠦ ᠤᠨ ᠠᠴᠠ ᠪᠤᠰᠤᠳ ᠤᠨ ᠤ ᠰᠤᠷᠭᠠᠭᠤᠯᠢ ᠡᠬᠢᠯᠡᠬᠦ ᠠᠵᠢᠯ ᠢᠶᠠᠨ ᠡᠷᠴᠢᠮᠲᠡᠢ ᠰᠠᠶᠢᠬᠠᠨ ᠶᠠᠪᠤᠭᠳᠠᠭᠤᠯᠤᠯ᠎ᠠ
ᠨᠡᠶᠢᠲᠡᠯᠡᠭᠰᠡᠨ ᠴᠠᠭ᠄
2020-04-29
     ᠣᠷᠳᠣᠰ ᠬᠤᠲᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠨᠢ ᠳᠡᠭᠡᠳᠦ ᠱᠠᠲᠤᠨ ᠤ ᠳᠤᠬᠢᠷᠠᠭᠤᠯᠭ᠎ᠠ ᠪᠠᠷ ᠰᠣᠷᠭᠠᠭᠤᠯᠢ ᠡᠬᠢᠯᠡᠬᠦ ᠪᠡᠯᠡᠳᠭᠡᠯ ᠠᠵᠢᠯ ᠢᠶᠠᠨ ᠰᠠᠶᠢᠲᠤᠷ ᠬᠢᠵᠦ ᠨᠠᠷᠢᠨ ᠰᠤᠳᠤᠯᠤᠭᠰᠠᠨ ᠤ ᠬᠤᠶᠢᠨ᠎ᠠ 4 ᠰᠠᠷ᠎ᠠ ᠶᠢᠨ 24 ᠪᠠ 25 ᠤ ᠡᠳᠦᠷ ᠪᠦᠬᠦ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠶᠢ ᠡᠬᠢᠯᠡᠬᠦᠯᠵᠦ ᠮᠡᠳᠡᠭᠦᠯᠬᠦ ᠠᠵᠢᠯᠯᠠᠭ᠎ᠠ ᠪᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ ᠡᠷᠴᠢᠮᠲᠡᠢ ᠰᠠᠶᠢᠬᠠᠨ ᠶᠠᠪᠤᠭᠳᠠᠭᠤᠯᠤᠯ᠎ᠠ᠃      ᠣᠷᠳᠣᠰ ᠬᠤᠲᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠠᠤᠯᠢ ᠶᠢᠨ ᠳᠡᠳ᠋ ᠵᠠᠬᠢᠷᠤᠯ ᠬᠠᠰᠪᠠᠶᠠᠷ᠄ ︽ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠠᠴᠠ ᠡᠬᠢᠯᠡᠵᠦ ᠮᠠᠨ ᠤ ᠰᠤᠷᠭᠠᠭᠤᠯᠢ ᠶᠢᠨ ᠤᠳᠤᠷᠢᠳᠬᠤ ᠪᠠᠭ ᠠᠴᠠ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ᠂ ᠶᠠᠪᠤᠵᠤ ᠰᠠᠭᠤᠭᠰᠠᠨ ᠵᠠᠮ ᠮᠥᠷ ᠵᠡᠷᠭᠡ ᠶᠢ ᠲᠤᠲᠤᠷᠬᠠᠢ ᠤᠶᠢᠯᠠᠭᠠᠨ ᠡᠵᠡᠮᠰᠢᠵᠦ 3 ᠰᠠᠷ᠎ᠠ ᠶᠢᠨ 30 ᠤ ᠡᠳᠦᠷ ᠪᠤᠯᠬᠤ ᠳᠤ ᠲᠡᠭᠦᠰᠬᠦ ᠤᠨ ᠤ ᠰᠤᠷᠤᠭᠴᠢᠳ ᠤᠨ ᠬᠡᠴᠢᠶᠡᠯᠯᠡᠬᠦ ᠶᠢ ᠰᠡᠷᠭᠦᠭᠡᠨ ᠰᠤᠷᠤᠯᠭ᠎ᠠ ᠡᠬᠢᠯᠡᠬᠦᠯᠪᠡ᠃ ᠦᠩᠭᠡᠷᠡᠭᠰᠡᠨ ᠨᠢᠭᠡ ᠰᠠᠷ᠎ᠠ ᠶᠢᠨ ᠲᠤᠷᠰᠢᠯᠭ᠎ᠠ   ᠪᠠᠨ ᠦᠨᠳᠦᠰᠦᠯᠡᠵᠦ ᠤᠶᠢᠷ᠎ᠠ ᠳᠤ ᠪᠤᠰᠤᠳ ᠤᠨ ᠤ ᠰᠣᠷᠣᠭᠴᠢᠳ ᠤᠨ ᠬᠢᠴᠢᠶᠡᠯᠯᠡᠬᠦ ᠶᠢ ᠰᠡᠷᠭᠦᠭᠡᠵᠦ ᠪᠦᠬᠦ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠵᠢᠩᠬᠢᠨᠢ ᠪᠠᠷ ᠡᠬᠢᠯᠡᠵᠡᠢ︾ ᠬᠡᠪᠡ᠃      ᠣᠶᠢᠯᠠᠭᠠᠭᠰᠠᠨ ᠢᠶᠠᠷ᠂ ᠰᠤᠷᠭᠠᠭᠤᠯᠢ ᠡᠬᠢᠯᠡᠭᠰᠡᠨ ᠰᠤᠷᠠᠭ ᠢᠶᠠᠷ ᠨᠡᠶᠢᠬᠡᠮ ᠤᠨ ᠡᠯ᠎ᠡ ᠡᠲᠡᠭᠡᠳ ᠤᠨ ᠬᠢᠨ ᠰᠤᠷᠤᠭᠴᠢᠳ ᠤᠨ ᠠᠮᠤᠷ ᠲᠦᠪᠰᠢᠨ ᠰᠤᠷᠤᠯᠭ᠎ᠠ ᠶᠢᠨ ᠣᠷᠴᠢᠨ ᠲᠤᠭᠤᠷᠢᠨ ᠢ ᠪᠠᠲᠤᠯᠠᠬᠤ ᠶᠢᠨ ᠲᠦᠯᠦᠭᠡ ᠣᠷᠳᠣᠰ ᠬᠤᠲᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠠᠤᠯᠢ ᠳᠤ ᠨᠢᠭᠡ ᠪᠦᠯᠦᠭ ᠠᠷᠢᠭᠤᠳᠬᠠᠯ ᠤᠨ ᠤᠰᠤ᠂ ᠠᠮᠠᠪᠴᠢ ᠵᠡᠷᠭᠡ ᠬᠢᠵᠢᠭ ᠢ ᠰᠡᠷᠭᠡᠶᠢᠯᠡᠬᠦ ᠡᠳ᠋ ᠪᠤᠳᠠᠰ ᠬᠠᠨᠳᠢᠪᠯᠠᠭᠰᠠᠨ ᠪᠠᠶᠢᠨ᠎ᠠ᠃      ᠤᠶᠢᠯᠭᠠᠭᠰᠠᠨ ᠢᠶᠠᠷ ᠣᠷᠳᠣᠰ ᠬᠤᠲᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠠᠤᠯᠢ  ᠲᠠᠢ ᠠᠳᠠᠯᠢ ᠪᠠᠷ ᠮᠠᠨ ᠤ ᠬᠤᠰᠢᠭᠤᠨ ᠤ ᠪᠤᠰᠤᠳ ᠲᠤᠮᠳᠠᠳᠤ ᠰᠤᠷᠭᠠᠭᠤᠯᠢ ᠨᠢ ᠴᠤ ᠰᠤᠷᠭᠠᠭᠤᠯᠢ ᠡᠬᠢᠯᠡᠬᠦ ᠠᠵᠢᠯᠯᠠᠭ᠎ᠠ ᠪᠠᠨ ᠶᠠᠪᠤᠭᠳᠠᠭᠤᠯᠵᠦ ᠡᠬᠢᠯᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号