ᠠᠮᠵᠢᠯᠲᠠ ᠶᠢᠨ ᠳᠠᠭᠤᠨ ᠢ ᠬᠤᠷᠦ᠋ᠢᠯᠠᠭᠰᠠᠨ ᠦᠭᠡᠳᠡᠷᠬᠡᠭ ᠠᠮᠢᠳᠣᠷᠠᠯ
ᠨᠡᠶᠢᠲᠡᠯᠡᠭᠰᠡᠨ ᠴᠠᠭ᠄
2020-04-07
     ᠮᠠᠨ ᠤ ᠬᠤᠰᠢᠭᠤᠨ ᠤ ᠨᠠᠮ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠪᠠᠶᠢᠷᠢᠯᠠᠭᠤᠯᠤᠭᠰᠠᠨ ᠠᠴᠠ ᠨᠠᠭᠠᠰᠢ᠂ ᠰᠦᠯᠳᠡ ᠰᠤᠮᠤᠨ ᠤ ᠲᠣᠯᠢ ᠭᠠᠴᠠᠭ᠎ᠠ ᠶᠢᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠢᠮᠠᠭᠲᠠ ᠶᠠᠳᠠᠭᠤ ᠶᠢ ᠲᠡᠳᠬᠦᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠭᠠᠴᠠᠭᠠᠨ ᠤ ᠪᠠᠶᠢᠳᠠᠯ ᠢ ᠬᠦᠨᠵᠡᠭᠡᠢ ᠣᠶᠢᠯᠠᠭᠠᠵᠤ᠂ ᠪᠠᠶᠢᠳᠠᠯ ᠳᠤᠨᠢ ᠲᠣᠬᠢᠷᠠᠭᠰᠠᠨ ᠬᠦᠴᠦᠲᠡᠢ ᠠᠷᠭ᠎ᠠ ᠬᠡᠮᠵᠢᠶ᠎ᠡ ᠠᠪᠴᠤ᠂ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠭᠠᠴᠠᠭᠠᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠳᠤ ᠬᠤᠪᠢᠷᠠᠯᠲᠠ ᠭᠠᠷᠭᠠᠬᠤ ᠶᠢ ᠠᠬᠢᠭᠤᠯᠤᠨ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠲᠦᠷᠭᠡᠳᠭᠡᠭᠰᠡᠨ ᠠᠴᠠ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠲᠤᠯᠬᠤ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠮᠠᠯᠴᠢᠨ ᠲᠦᠮᠡᠨ ᠤ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃      ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠪᠠᠲᠤᠪᠠᠶᠠᠷ ᠭᠠᠴᠠᠭᠠᠨ ᠳᠤ ᠣᠴᠢᠬᠤ ᠳᠤ ᠨᠠᠮ ᠤᠨ ᠡᠭᠦᠷ ᠤᠨ ᠱᠦᠵᠢ ᠤᠷᠠᠨᠲᠤᠶᠠᠭ᠎ᠠ ᠲᠡᠭᠦᠨ ᠳᠤ᠄ ︽ᠴᠠᠭᠠᠨᠭᠡᠷᠡᠯ ᠰᠠᠶ᠋ᠢᠬᠠᠨ ᠭᠠᠴᠠᠭᠠᠨ ᠲᠡᠭᠡᠷ᠎ᠠ ᠢᠷᠡᠭᠰᠡᠨ᠂ ᠡᠮᠦᠰᠴᠦ ᠵᠡᠭᠦᠭᠰᠡᠨ ᠨᠢ ᠴᠠᠪ ᠴᠡᠪᠡᠷᠬᠡᠨ᠂ ᠬᠡᠳᠦ᠋ᠢᠪᠡᠷ ᠠᠮᠠᠪᠴᠢ ᠵᠡᠭᠦᠭᠰᠡᠨ ᠪᠣᠯᠪᠠᠴᠤ ᠪᠠᠶᠠᠷ ᠬᠦᠷ ᠲᠠᠢ ᠰᠡᠳᠬᠢᠯ ᠲᠦᠭᠦᠷᠡᠩ ᠪᠠᠶᠢᠬᠤ ᠶᠢ ᠨᠢ ᠤᠯᠵᠤ ᠬᠠᠷᠠᠭᠰᠠᠨ ᠰᠢᠤ︾ ᠭᠡᠯ᠎ᠠ᠃ ᠰᠦᠯᠳᠡ ᠰᠤᠮᠤᠨ ᠤ ᠲᠣᠯᠢ ᠭᠠᠴᠠᠭᠠᠨ ᠤ ᠮᠠᠯᠴᠢᠨ ᠴᠠᠭᠠᠨᠭᠡᠷᠡᠯ ᠤᠨ ᠬᠢ ᠤᠤᠯ ᠨᠢ ᠭᠤᠷᠪᠠᠨ ᠬᠦᠮᠦᠨ ᠲᠠᠢ᠂ ᠡᠷ᠎ᠡ ᠨᠥᠬᠦᠷ ᠪᠣᠯᠤᠨ ᠬᠦᠦ ᠨᠢ ᠬᠦᠨᠳᠦ ᠨᠣᠴᠢᠲᠠᠢ ᠬᠡᠷᠦᠬᠦ ᠴᠢᠨᠠᠷᠲᠠᠢ ᠦᠶ᠎ᠡ ᠭᠡᠰᠢᠭᠦᠦ ᠶᠢᠨ ᠦᠷᠪᠢᠰᠦᠯ ᠳᠤ ᠨᠡᠷᠪᠡᠭᠳᠡᠨ ᠡᠪᠡᠳᠴᠤ ᠵᠤᠪᠠᠭ᠋ᠤ ᠶᠢᠨ ᠲᠠᠷᠴᠢᠯᠠᠭᠠᠯ ᠳᠤ ᠲᠠᠮᠤᠯᠠᠭᠳᠠᠵᠤ ᠪᠠᠶᠢᠬᠤ ᠶᠢ ᠬᠠᠷᠠᠭᠠᠳ ᠬᠦᠷᠦᠩᠭᠡ ᠪᠠᠨ ᠬᠦᠨᠳᠦᠷᠡᠭᠰᠡᠨ ᠴᠤ ᠡᠷᠳᠡ ᠨᠢᠭᠡᠨ ᠡᠳᠤᠷ ᠡᠪᠡᠳᠴᠢᠨ ᠵᠤᠪᠠᠯᠠᠩ ᠠᠴᠠ ᠨᠢ ᠰᠠᠯᠭᠠᠨ᠎ᠠ ᠭᠡᠵᠦ ᠵᠣᠷᠢᠭ ᠰᠢᠭᠤᠳᠤᠨ ᠡᠮᠴᠢᠯᠡᠭᠦᠯᠦᠭᠰᠡᠨ ᠪᠠᠶᠢᠵᠠᠢ᠃ ᠭᠡᠪᠡᠴᠤ ︽ᠭᠠᠢ ᠭᠠᠵᠠᠷ ᠳᠣᠣᠷ᠎ᠠ ᠠᠴᠠ︾ ᠭᠡᠳᠡᠭᠴᠢᠯᠡᠨ ᠲᠠᠪᠤᠨ ᠵᠢᠯ ᠤᠨ ᠡᠮᠦᠨ᠎ᠡ ᠡᠷ᠎ᠡ ᠨᠥᠬᠦᠷ ᠨᠢ ᠦᠮᠠᠨ ᠡᠪᠡᠳᠴᠢᠨ ᠳᠤ ᠨᠡᠷᠪᠡᠭᠳᠡᠵᠦ᠂ ᠴᠠᠭᠠᠨᠭᠡᠷᠡᠯ ᠢ ᠡᠪᠳᠡᠷᠬᠡᠢ ᠭᠡᠷ᠂ ᠡᠪᠡᠳᠴᠢᠨ ᠲᠠᠢ ᠬᠦᠦ᠂ 15 ᠲᠦᠮᠡᠨ ᠲᠥᠭᠦᠷᠢᠭ ᠤᠨ ᠥᠷᠢ ᠰᠢᠷᠢ ᠲᠠᠢ ᠭᠡᠮᠡᠨ ᠭᠤᠯᠤᠭᠰᠠᠨ ᠰᠢᠬ ᠲᠡᠳᠡᠨ ᠢ ᠤᠷᠬᠢᠭᠠᠳ ᠲᠣᠭᠤᠰᠣᠲᠤ ᠶᠢᠷᠳᠢᠨᠴᠤ ᠠᠴᠠ ᠠᠩᠬᠢᠵᠢᠷᠠᠭᠰᠠᠨ ᠪᠠᠶᠢᠨ ᠎ᠠ᠃ ᠡᠷ᠎ᠡ ᠨᠥᠬᠦᠷ ᠨᠢ ᠨᠠᠰᠤ ᠪᠠᠷᠠᠭᠰᠠᠨ ᠠᠴᠠ ᠲᠡᠭᠦᠨ ᠤ ᠣᠶᠤᠨ ᠰᠠᠨᠠᠭᠠᠨ ᠳᠤ ᠬᠦᠨᠳᠦ ᠶᠡᠭᠡ ᠴᠣᠬᠢᠯᠲᠠ ᠥᠭᠴᠦ ᠴᠤᠭ ᠵᠢᠪᠬᠤᠭ᠎ᠠ ᠦᠭᠡᠢ᠂ ᠦᠭᠡ ᠳᠠᠭᠤᠨ ᠦᠭᠡᠢ᠂ ᠬᠤᠪᠢ ᠵᠠᠶᠠᠭᠠᠨ ᠳᠠᠭᠠᠨ ᠭᠤᠨᠢᠵᠤ ᠭᠤᠳᠤᠷᠠᠳᠠᠭ ᠨᠢᠭᠡᠨ ᠪᠤᠯᠤᠨ ᠬᠤᠪᠢᠷᠠᠭᠠᠵᠠᠢ᠃ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠴᠠᠭᠠᠨᠭᠡᠷᠡᠯ ᠤᠨ ᠭᠡᠷ ᠲᠤ ᠠᠩᠬ᠎ᠠ ᠤᠳᠠᠭ᠎ᠠ ᠬᠦᠷᠭᠦ ᠳᠤ ᠤᠷᠠᠩᠬᠠᠢ ᠨᠣᠣᠷᠠᠩᠬᠠᠢ ᠬᠤᠪᠴᠠᠰᠤ ᠬᠤᠨᠠᠷ ᠲᠠᠢ᠂ ᠨᠢᠭᠤᠷ ᠢᠶᠠᠨ ᠨᠢᠯᠪᠤᠰᠤ ᠪᠠᠷ ᠤᠬᠢᠶᠠᠭᠰᠠᠨ ᠭᠤᠨᠢᠭ ᠵᠤᠪᠠᠯᠠᠩ ᠲᠠᠢ ᠡᠬᠡ ᠬᠦᠦ ᠪᠤᠯᠤᠨ ᠡᠮᠬᠢ ᠵᠠᠮᠪᠠᠷᠠᠭ᠎ᠠ ᠦᠭᠡᠶ ᠬᠦᠷᠢᠶ᠎ᠡ ᠬᠠᠰᠢᠶ᠎ᠠ᠂ ᠡᠪᠡᠳᠴᠢᠨ ᠳᠤ ᠪᠠᠷᠢᠭᠳᠠᠭᠰᠠᠨ ᠭᠤᠴᠢᠨ ᠬᠡᠳᠦᠨ ᠬᠤᠨᠢ ᠲᠡᠳᠡᠨ ᠢ ᠤᠭᠲᠤᠭᠰᠠᠨ ᠶᠤᠮ᠃ ᠡᠳᠡᠨ ᠤ ᠬᠢ ᠠᠮᠢᠵᠢᠷᠠᠯ ᠤᠨ ᠠᠭᠤᠷ ᠠᠮᠢᠰᠬᠤᠯ ᠦᠭᠡᠢ ᠪᠠᠶᠢᠯ᠎ᠠ ᠭᠡᠵᠤ ᠭᠡᠯᠡᠭᠦ ᠳᠤ ᠠᠬᠠᠳᠠᠬᠤ ᠶᠠᠭᠤᠨ︕ 2015 ᠣᠨ ᠤ ᠡᠴᠤᠰ ᠲᠤ ᠲᠡᠳᠡᠨ ᠤ ᠬᠢᠨ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠡᠷᠦᠬᠡ ᠪᠠᠷ ᠲᠣᠭᠲᠠᠭᠠᠭᠳᠠᠭᠰᠠᠨ ᠤ ᠳᠠᠷᠠᠭ᠎ᠠ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠴᠠᠭᠠᠨᠭᠡᠷᠡᠯ ᠤᠨ ᠪᠠᠶᠢᠩᠭᠤ ᠶᠢᠨ ᠵᠣᠴᠢᠨ ᠪᠣᠯᠤᠯ᠎ᠠ᠃ ᠠᠩᠬᠠᠨ ᠳᠠᠭᠠᠨ ᠴᠠᠭᠠᠨᠭᠡᠷᠡᠯ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠣᠶᠢᠰᠢᠶᠠᠬᠤ ᠦᠭᠡᠢ᠂ ᠶᠠᠭᠤ ᠬᠡᠯᠡᠵᠦ ᠶᠠᠭᠤ ᠠᠰᠠᠭᠤᠭᠰᠠᠨ ᠴᠤ ᠬᠢᠳᠡᠭ ᠠᠵᠢᠯ ᠢᠶᠠᠨ ᠬᠢᠭᠰᠡᠨ ᠬᠡᠪ ᠢᠶᠠᠷ ᠢᠶᠠᠨ ᠪᠠᠶᠢᠯ᠎ᠠ᠃ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠨᠢᠭᠡ ᠵᠢᠯ ᠤᠨ ᠲᠤᠷᠰᠢ ᠲᠡᠳᠡᠨ ᠤ ᠪᠡᠯᠴᠢᠭᠡᠷ ᠤᠰᠤ᠂ ᠬᠤᠨᠢ ᠮᠠᠯ᠂ ᠬᠦᠷᠢᠶ᠎ᠡ ᠬᠠᠰᠢᠶ᠎ᠠ᠂ ᠭᠡᠷ ᠪᠠᠶᠢᠰᠢᠩ ᠤᠨ ᠪᠠᠶᠢᠳᠠᠯ ᠢ ᠨᠠᠷᠢᠨ ᠨᠢᠭᠲᠠᠯᠠᠵᠤ ᠠᠰᠠᠭᠤᠳᠠᠯ ᠢ ᠡᠷᠢᠨ᠂ ᠠᠷᠭ᠎ᠠ ᠬᠡᠮᠵᠢᠶ᠎ᠡ ᠲᠣᠭᠲᠠᠭᠠᠵᠤ᠂ ᠡᠪᠦᠯ ᠤᠨ ᠲᠠᠰᠬᠢᠮ᠎ᠠ ᠬᠦᠢᠲᠡᠨ ᠵᠤᠨ ᠤ ᠠᠭᠠᠭᠢᠮ᠎ᠠ ᠬᠠᠯᠠᠭᠤᠨ ᠢ ᠬᠠᠶᠢᠬᠤᠷᠤᠯ ᠦᠭᠡᠢ ᠠᠮᠢᠳᠤᠷᠠᠯ ᠠᠬᠤᠢ ᠶᠢ ᠨᠢ ᠬᠠᠷᠠᠭᠠᠯᠵᠠᠵᠤ᠂ ᠲᠤᠰᠠ ᠲᠠᠮ ᠪᠤᠯᠤᠭᠰᠠᠨ ᠢᠶᠠᠷ ᠴᠠᠭᠠᠨᠭᠡᠷᠡᠯ ᠤᠨ ᠰᠡᠳᠬᠢᠯ ᠢ ᠬᠥᠳᠡᠯᠭᠡᠵᠦ᠂ ᠲᠠᠶᠠᠭᠳᠠᠭᠠᠳ ᠤᠳᠠᠭᠰᠠᠨ ᠠᠮᠢᠳᠤᠷᠠᠯ ᠤᠨ ᠢᠲᠡᠭᠡᠯ ᠵᠣᠷᠢᠭ ᠢ ᠨᠢ ᠲᠠᠬᠢᠨᠲᠠ ᠬᠥᠪᠴᠢᠯᠡᠵᠦ ᠴᠢᠳᠠᠭᠰᠠᠨ ᠪᠠᠶᠢᠨ᠎ᠠ᠃      ︽ᠰᠡᠳᠬᠢᠯ ᠤᠨ ᠡᠪᠡᠳᠴᠢᠨ︾᠎ ᠢ ᠠᠨᠠᠭᠠᠵᠤ ᠠᠮᠢᠳᠤᠷᠠᠯ ᠤᠨ ᠢᠲᠡᠭᠡᠯ ᠵᠣᠷᠢᠭ ᠢ ᠨᠢ ᠬᠥᠪᠴᠢᠯᠡᠵᠦ ᠴᠢᠳᠠᠭᠰᠠᠨ ᠴᠤ ᠲᠠᠷᠢᠶᠠᠨ ᠭᠠᠵᠠᠷ ᠨᠢ ᠠᠲᠠᠷᠰᠢᠵᠤ᠂ ᠪᠡᠯᠴᠢᠭᠡᠷ ᠤᠰᠤ ᠨᠢ ᠮᠠᠭᠤᠳᠠᠨ᠂ ᠮᠠᠯ ᠰᠦᠷᠦᠭ ᠨᠢ ᠬᠤᠷᠣᠭᠳᠠᠵᠤ᠂ ᠠᠮᠢᠳᠤᠷᠠᠯ ᠤᠨ ᠪᠠᠲᠤᠯᠠᠭ᠎ᠠ ᠠᠨᠠᠢ ᠪᠠᠶᠢᠭ᠎ᠠ ᠪᠣᠳᠠᠲᠤ ᠠᠰᠠᠭᠤᠳᠠᠯ ᠢ ᠰᠢᠢᠳᠪᠦᠷᠢᠯᠡᠬᠦ ᠠᠵᠢᠯ ᠨᠢᠳᠦᠨ ᠡᠮᠦᠨ᠎ᠡ ᠲᠤᠯᠭᠠᠷᠠᠵᠤ ᠪᠠᠶᠢᠯ᠎ᠠ᠃ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠲᠡᠷᠡ ᠳᠠᠷᠤᠢ ᠳᠤᠨᠢ ᠠᠵᠤ ᠠᠬᠤᠶᠢᠯᠠᠯ᠂ ᠭᠠᠴᠠᠭ᠎ᠠ᠂ ᠰᠤᠮᠤ ᠪᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠡᠯᠡ ᠮᠥᠩᠭᠦᠨ ᠤ ᠳᠡᠮᠵᠢᠯᠭᠡ ᠡᠷᠢᠯᠬᠢᠯᠡᠵᠦ᠂ ᠲᠡᠳᠡᠨ ᠤ ᠬᠢᠨ ᠳᠤ ᠲᠠᠷᠢᠶ᠎ᠠ ᠤᠰᠤᠯᠠᠬᠤ ᠬᠤᠳᠳᠤᠭ᠂ ᠭᠠᠷᠴᠤ ᠣᠷᠣᠬᠤ ᠵᠠᠮ᠂ ᠣᠷᠣᠰᠢᠨ ᠰᠠᠭᠤᠷᠢᠰᠢᠬᠤ ᠭᠡᠷ ᠪᠠᠶᠢᠰᠢᠩ᠂ 80 ᠲᠡᠭᠰᠢ ᠳᠥᠷᠪᠡᠯᠵᠢᠨ  ᠮᠧᠲᠷ ᠤᠨ ᠡᠪᠡᠰᠦᠨ ᠰᠠᠷᠠᠪᠴᠢ᠂ 60 ᠲᠡᠭᠰᠢ ᠳᠥᠷᠪᠡᠯᠵᠢᠨ  ᠮᠧᠲᠷ ᠤᠨ ᠬᠤᠨᠢᠨ ᠬᠠᠰᠢᠶ᠎ᠠ ᠰᠠᠷᠠᠪᠴᠢ᠂ 50 ᠲᠡᠭᠰᠢ ᠳᠥᠷᠪᠡᠯᠵᠢᠨ  ᠮᠧᠲᠷ ᠤᠨ ᠦᠬᠡᠷ ᠤᠨ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠤ ᠬᠠᠮᠲᠤ ᠪᠠᠰᠠ 30 ᠲᠥᠯᠵᠢᠬᠦ ᠬᠤᠨᠢ ᠠᠪᠴᠤ ᠥᠭᠭᠦᠨ ᠬᠤᠶᠢᠰᠢᠳᠠ ᠶᠢᠨ ᠠᠵᠤ ᠠᠮᠢᠳᠤᠷᠠᠯ ᠤᠨ ᠰᠠᠶᠢᠵᠢᠷᠠᠯᠲᠠ ᠳᠤᠨᠢ ᠪᠠᠲᠤ ᠪᠠᠬᠢ ᠰᠠᠭᠤᠷᠢ ᠲᠠᠯᠪᠢᠵᠤ ᠦᠭᠴᠡᠢ᠃      ᠨᠠᠮ ᠤᠨ ᠲᠦᠪ ᠬᠤᠷᠢᠶ᠎ᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠤᠯᠬᠤ ᠪᠦᠷᠢᠶ᠎ᠡ ᠶᠢ ᠬᠠᠩᠭᠢᠨᠠᠭᠤᠯᠬᠤ ᠳᠤ ᠲᠣᠯᠢ ᠭᠠᠴᠠᠭ᠎ᠠ ᠶᠢᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠴᠠᠭᠠᠨᠭᠡᠷᠡᠯ ᠤᠨ ᠠᠮᠢᠳᠤᠷᠠᠯ ᠢ ᠨᠡᠩ ᠢᠯᠡᠭᠦᠦ ᠬᠠᠷᠠᠭᠠᠯᠵᠠᠬᠤ ᠪᠤᠯᠤᠯ᠎ᠠ᠃ ᠲᠡᠳᠡᠨ ᠤ ᠢᠷᠡᠬᠦ ᠪᠠᠷ ᠪᠠᠶᠢᠭ᠎ᠠ ᠰᠤᠷᠠᠭ ᠢ ᠰᠣᠨᠣᠰᠤᠭᠰᠠᠨ ᠴᠠᠭᠠᠨᠭᠡᠷᠡᠯ ᠳᠡᠷᠢ ᠲᠡᠭᠰᠢ ᠬᠤᠪᠴᠠᠰᠤᠯᠠᠨ ᠭᠡᠷ ᠤᠨ ᠢᠶᠠᠨ ᠡᠭᠦᠳᠡᠨ ᠳᠡᠭᠡᠷ᠎ᠡ ᠬᠦᠯᠢᠶᠡᠨ ᠠᠵᠢᠯᠯᠠᠬᠤ ᠠᠩᠭᠢ ᠶᠢᠨ ᠬᠢᠨ ᠢ ᠤᠭᠲᠤᠨ ᠭᠡᠷ ᠲᠡᠭᠡᠨ ᠤᠷᠢᠵᠤ ︽ᠴᠠᠢ ᠤᠤᠭᠤ᠂ ᠮᠢᠬ᠎ᠠ ᠵᠣᠭᠤᠭᠯᠠ︾ ᠬᠡᠮᠡᠨ ᠬᠠᠯᠠᠭᠤᠮᠰᠤᠭ ᠢᠶᠠᠷ ᠵᠣᠴᠢᠯᠠᠵᠤ᠄ ︽ᠨᠠᠮ ᠪᠣᠯᠣᠨ ᠵᠠᠰᠠᠭ ᠤᠨ ᠣᠷᠳᠣᠨ ᠠᠴᠠ ᠨᠠᠮ᠎ᠠ ᠶᠢ ᠬᠠᠪᠰᠤᠷᠴᠤ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠮᠢᠨᠤ ᠠᠮᠢᠳᠤᠷᠠᠯ ᠢ ᠬᠤᠪᠢᠷᠠᠭᠤᠯᠤᠯ᠎ᠠ᠂ ᠨᠠᠮ ᠵᠠᠰᠠᠭ ᠲᠠᠭᠠᠨ ᠲᠠᠯᠠᠷᠬᠠᠵᠤ ᠪᠠᠶᠢᠨ᠎ᠠ᠂ ᠲᠠ ᠨᠠᠷ ᠲᠠᠭᠠᠨ ᠴᠤ ᠲᠠᠯᠠᠷᠬᠠᠵᠤ ᠪᠠᠶᠢᠨ᠎ᠠ ᠰᠢᠦ︾ ᠭᠡᠵᠦ ᠲᠠᠬᠢᠨ ᠳᠠᠪᠲᠠᠨ ᠶᠠᠷᠢᠵᠤ ᠪᠠᠶᠢᠯ᠎ᠠ᠃ ᠠᠵᠢᠯᠯᠠᠬᠤ ᠠᠩᠭᠢ ᠶᠢᠨ ᠬᠢᠨ ᠴᠠᠭᠠᠨᠭᠡᠷᠡᠯ ᠤᠨ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠨᠥᠭᠡᠴᠡ ᠶᠢᠨ ᠪᠠᠶᠢᠳᠠᠯ ᠢ ᠣᠶᠢᠯᠠᠭᠠᠨ ᠲᠡᠮᠳᠡᠭᠯᠡᠵᠦ ᠶᠠᠪᠤᠬᠤ ᠳᠤ 120 ᠭᠠᠷᠤᠢ ᠬᠤᠨᠢ᠂ ᠬᠤᠷᠢᠭᠠᠳ ᠦᠬᠡᠷ ᠲᠠᠢ᠂ ᠮᠠᠯ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠴᠤ ᠢᠵᠢ ᠪᠦᠷᠢᠳᠦᠭᠰᠡᠨ ᠪᠠᠶᠢᠪᠠ᠃ ᠲᠥᠯ ᠮᠠᠯ ᠤᠨ ᠮᠠᠶᠢᠯᠠᠭᠠᠨ ᠲᠡᠳᠡ ᠪᠦᠭᠦᠳᠡ ᠶᠢᠨ ᠰᠣᠨᠣᠷ ᠢ ᠪᠠᠶᠠᠰᠬᠠᠨ ᠰᠡᠳᠬᠢᠯ ᠢ ᠬᠦᠭᠰᠡᠭᠡᠨ᠎ᠠ᠃ ᠴᠠᠭᠠᠨᠭᠡᠷᠡᠯ ᠴᠤ ᠰᠡᠳᠬᠢᠯ ᠳᠣᠭᠳᠣᠯᠤᠨ ︽ᠨᠠᠮ ᠵᠠᠰᠠᠭ ᠨᠠᠳᠠ ᠳᠤ ᠲᠤᠩ ᠶᠡᠭᠡ ᠬᠠᠪᠰᠤᠷᠤᠯᠭ᠎ᠠ ᠲᠡᠮᠵᠢᠯᠭᠡ ᠦᠵᠡᠭᠦᠯᠦᠭᠰᠡᠨ᠂ ᠮᠢᠨᠤ ᠠᠮᠢᠳᠤᠷᠠᠯ ᠡᠯ᠎ᠡ ᠲᠠᠯ᠎ᠠ ᠪᠠᠷ ᠪᠦᠷ ᠰᠠᠶᠢᠵᠢᠷᠠᠭᠰᠠᠨ᠂ ᠴᠣᠬᠤᠮ ᠲᠠᠯᠠᠷᠬᠠᠵᠤ ᠪᠠᠶᠢᠨ᠎ᠠ ᠰᠢᠦ ᠲᠠ ᠨᠠᠷ ᠲᠠᠭᠠᠨ᠂ ᠣᠳᠣ ᠢᠳᠡᠵᠦ ᠡᠮᠦᠰᠬᠦ ᠳᠡᠭᠡᠨ ᠵᠣᠪᠠᠭ᠋ᠤ ᠦᠭᠡᠢ ᠪᠤᠯᠵᠤ᠂ ᠭᠡᠷ ᠪᠠᠶᠢᠰᠢᠩ ᠢ ᠴᠤ ᠥᠷᠭᠡᠳᠬᠡᠨ ᠪᠠᠷᠢᠴᠢᠬᠠᠯ᠎ᠠ᠂ ᠬᠡᠦᠬᠡᠳ ᠢᠶᠠᠨ ᠡᠮᠨᠡᠭᠦᠯᠬᠦ ᠳᠤ ᠴᠤ ᠬᠦᠴᠢᠷᠳᠡᠭᠦ ᠦᠭᠡᠢ ᠪᠣᠯᠤᠭᠰᠠᠨ᠃ ᠡᠨᠡ ᠵᠢᠯ 80 ᠭᠠᠷᠤᠢ ᠬᠤᠷᠠᠭ᠎ᠠ᠂ 4 ᠲᠤᠭᠤᠯ ᠲᠤᠰᠴᠢᠬᠠᠯ᠎ᠠ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠂ ᠡᠨᠡ ᠨᠢ ᠪᠦᠷ ᠨᠠᠮ ᠵᠠᠰᠠᠭ ᠤᠨ ᠠᠴᠢ ᠪᠠᠷ ᠰᠢᠦ᠂ ᠲᠠ ᠨᠠᠷ ᠲᠠᠭᠠᠨ ᠮᠠᠰᠢ ᠲᠠᠯᠠᠷᠬᠠᠵᠤ ᠪᠠᠶᠢᠨ᠎ᠠ᠃ ᠣᠳᠣ ᠪᠢ ᠠᠮᠢᠳᠤᠷᠠᠯ ᠳᠠᠭᠠᠨ ᠮᠠᠰᠢ ᠢᠲᠡᠭᠡᠯ ᠲᠠᠢ ᠪᠣᠯᠣᠭᠰᠠᠨ᠂ ᠬᠤᠵᠢᠮ ᠬᠦᠤ ᠪᠢᠳᠠ ᠬᠤᠶᠠᠭᠤᠯᠠ ᠪᠠᠨ ᠤᠯᠠᠮ ᠰᠠᠶᠢᠬᠠᠨ ᠠᠮᠢᠳᠤᠷᠠᠵᠤ᠂ ᠥᠪᠡᠷ ᠤᠨ ᠠᠮᠢᠳᠤᠷᠠᠯ ᠢᠶᠠᠨ ᠴᠢᠷᠮᠠᠶᠢᠨ ᠥᠭᠡᠳᠡᠯᠡᠭᠦᠯᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠨ᠎ᠡ᠂ ᠲᠠ ᠨᠠᠷ ᠰᠠᠨᠠᠭ᠎ᠠ ᠠᠮᠠᠷ ᠪᠠᠶᠢᠭᠠᠷᠠᠢ︕︾ ᠭᠡᠵᠦ ᠲᠤᠭᠳᠤᠯᠤᠭᠰᠠᠨ ᠰᠡᠳᠬᠢᠯ ᠢᠶᠠᠨ ᠲᠠᠷᠤᠵᠤ ᠶᠠᠳᠠᠨ ᠲᠠᠬᠢᠨ ᠲᠠᠪᠳᠠᠨ ᠶᠠᠷᠢᠨ᠎ᠠ᠃      ᠪᠠᠶᠢᠳᠠᠯ ᠢ ᠣᠶᠢᠯᠭᠠᠵᠤ ᠳᠠᠭᠤᠰᠤᠭᠰᠠᠨ ᠤ ᠳᠠᠷᠠᠭ᠎ᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠴᠠᠭᠠᠨᠭᠡᠷᠡᠯ ᠲᠠᠢ ᠠᠶᠠᠷᠯᠠᠨ ᠬᠤᠯᠠᠳᠬᠤ ᠳᠤ ᠲᠡᠷᠡ ᠠᠮᠠᠪᠴᠢ ᠪᠠᠨ ᠠᠪᠴᠤ ᠢᠨᠢᠶᠡᠮᠰᠦᠭᠯᠡᠭᠰᠡᠭᠡᠷ ᠭᠠᠷ ᠳᠠᠯᠠᠯᠤᠨ ᠬᠤᠴᠣᠷᠪᠠ᠃ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠴᠤ ᠠᠵᠢᠯ ᠤᠨ ᠲᠡᠮᠳᠡᠭᠯᠡᠯ ᠢᠶᠠᠨ ᠭᠠᠷᠭᠠᠵᠤ ᠲᠤᠭ᠎ᠠ ᠪᠠᠷᠢᠮᠲᠠ᠂ ᠠᠵᠢᠯ ᠤᠨ ᠡᠭᠦᠷᠭᠡ ᠪᠠᠨ ᠲᠠᠬᠢᠨ ᠰᠢᠨᠡᠳᠬᠡᠯ᠎ᠡ᠃ ᠪᠡᠶᠡᠯᠡᠭᠳᠡᠭᠰᠡᠨ ᠠᠵᠢᠯ ᠤᠯᠠᠮ ᠠᠴᠠ ᠤᠯᠠᠮ ᠣᠯᠠᠨ ᠪᠣᠯᠵᠤ ᠪᠠᠶᠢᠭ᠎ᠠ ᠶᠢ ᠬᠠᠷᠠᠭᠰᠠᠨ ᠠᠵᠢᠯᠯᠠᠬᠤ ᠠᠩᠭᠢ ᠶᠢᠨ ᠭᠡᠰᠢᠭᠦᠳ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠲᠦᠭᠦᠷᠡᠩ ᠢᠲᠡᠭᠡᠯ ᠲᠠᠢ ᠪᠠᠶᠢᠯ᠎ᠠ᠃      ᠠᠯᠲᠠᠨ ᠨᠠᠷᠠᠨ ᠴᠤ ᠠᠮᠢᠵᠢᠷᠠᠯ ᠤᠨ ᠬᠦᠴᠦᠨ ᠪᠢᠯᠬᠠᠭᠰᠠᠨ ᠠᠶᠢᠯ ᠬᠤᠲᠠᠡ ᠠᠴᠠ ᠰᠠᠯᠵᠤ ᠶᠠᠳᠠᠨ ᠬᠤᠷᠭᠤᠳᠠᠭᠰᠠᠭᠠᠷ ᠪᠠᠶᠢᠭ᠎ᠠ ᠮᠡᠲᠦ ᠰᠢᠩᠭᠡᠵᠦ ᠶᠠᠳᠠᠨ ᠪᠠᠶᠢᠯ᠎ᠠ ᠁
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号