ᠰᠦᠯᠳᠠ ᠰᠤᠮᠤᠨ ᠤ ᠲᠤᠯᠢ ᠭᠠᠴᠠᠭ᠎ᠠ ᠤᠳᠬ᠎ᠠ ᠲᠡᠭᠦᠯᠳᠡᠷ ᠪᠦᠭᠦᠢ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020-04-07
     ᠤᠢᠢᠷ᠎ᠠ ᠶᠢᠨ ᠡᠳᠤᠷ᠂ ᠰᠦᠯᠳᠡ ᠰᠣᠮᠣᠨ ᠤ ᠲᠤᠯᠢ ᠭᠠᠴᠠᠭᠠᠨ ᠤ ︽ᠬᠤᠶᠠᠷ ᠵᠦᠪᠯᠡᠯ︾ ᠤᠨ ᠪᠠᠭ ᠤᠨ ᠭᠡᠰᠢᠭᠦᠨ᠂ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ ᠪᠠ ︽3+1︾ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ ᠪᠠᠶᠢᠭᠤᠯᠭ᠎ᠠ ᠶᠢᠨ ᠨᠠᠮ ᠤᠨ ᠭᠡᠰᠢᠭᠦᠳ ︽ᠲᠤᠭ ᠲᠠᠯᠪᠠᠭ᠎ᠠ ᠪᠠᠨ ᠮᠠᠨᠳᠤᠭᠤᠯᠤᠨ᠂ ᠲᠠᠶᠠᠭᠠᠷ ᠤᠯᠠᠨ ᠢ ᠲᠠᠶᠢᠴᠢᠯᠠᠬᠤ︾ ᠤᠳᠤᠨ ᠲᠡᠰ ᠤᠨ ᠨᠠᠮ ᠤᠨ ᠡᠭᠦᠷ ᠤᠨ ᠪᠠᠶᠢᠭᠤᠯᠤᠯᠳᠠ ᠶᠢ ᠴᠢᠩᠭᠠᠳᠬᠠᠬᠤ ᠲᠠᠶᠢᠴᠢᠯᠠᠯᠳᠠ ᠶᠢᠨ ᠬᠤᠷᠠᠯ ᠵᠢᠴᠢ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠭᠦᠯᠪᠡ᠃ ᠠᠵᠢᠯᠯᠠᠭ᠋ ᠎ᠠ ᠳᠤ ᠨᠠᠮ ᠤᠨ ᠲᠤᠭ ᠢᠶᠠᠨ ᠦᠨᠳᠤᠷ ᠮᠠᠨᠳᠤᠭᠤᠯᠤᠨ ᠨᠠᠮ ᠢᠶᠠᠨ ᠬᠦᠷᠢᠶᠡᠯᠡᠵᠤ᠂ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠵᠢᠯᠤᠭᠤᠳᠤᠯᠭ᠎ᠠ ᠵᠢᠭᠠᠪᠤᠷᠢ ᠪᠠᠷ ᠤᠷᠤᠰᠢᠵᠤ ᠪᠠᠶᠢᠬᠤ ᠠᠰᠠᠭᠤᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠵᠤ᠂ ᠦᠪᠡᠷ ᠤᠨ ᠪᠠᠶ᠎ᠠ ᠶᠢᠨ ᠢᠶᠠᠨ ᠲᠤᠳᠠᠭᠳᠠᠯ ᠢᠶᠠᠨ ᠲᠠᠨᠢᠵᠤ᠂ ᠦᠷᠤᠭᠡᠯ ᠪᠤᠰᠤᠳ ᠢ ᠲᠤᠯᠠᠭᠠᠴᠠᠭᠤᠯᠤᠨ᠂ ᠭᠠᠴᠠᠭᠠᠨ ᠤ ᠤᠳᠤᠨ ᠲᠡᠰ ᠤᠨ ᠨᠠᠮ ᠤᠨ ᠡᠭᠦᠷ ᠤᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ ᠲᠤᠳᠤᠭᠠᠳᠤᠬᠢ ᠠᠮᠢᠳᠤᠷᠠᠯ ᠢ ᠲᠦᠪ ᠴᠢᠩᠭ᠎ᠠ ᠪᠠᠶᠢᠯᠭᠠᠵᠤ᠂ ᠨᠠᠮ ᠤᠨ ᠭᠡᠰᠢᠭᠦᠨ ᠤ ᠵᠢᠱᠢᠶᠠᠴᠢ ᠲᠠᠭᠤᠷᠢᠶᠠᠯ ᠤᠨ ᠦᠢᠯᠡᠳᠤᠯ ᠢᠶᠠᠨ ᠪᠠᠳᠠᠷᠠᠭᠤᠯᠬᠤ ᠶᠢ ᠱᠠᠭᠠᠷᠳᠠᠪᠠ᠃ ᠳᠠᠷᠠᠴᠢᠯᠠᠨ ︽ᠭᠤᠷᠪᠠᠨ ᠬᠤᠷᠠᠯ ᠨᠢᠭᠡ ᠬᠢᠴᠢᠶᠡᠯᠯᠡᠭᠡ︾ ᠶᠢᠨ ᠲᠦᠷᠢᠮ ᠢ ᠲᠦᠷᠢᠮᠵᠢᠭᠦᠯᠤᠨ ᠨᠠᠶᠢᠳᠠᠪᠤᠷᠢᠵᠢᠭᠤᠯᠵᠤ᠂ ᠭᠠᠴᠠᠭᠠᠨ ᠤ ᠨᠠᠮ ᠤᠨ ᠡᠭᠦᠷ ᠤᠨ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠭᠦᠯᠭᠦ ᠠᠵᠢᠯ ᠲᠤᠮᠳᠠ ᠲᠠᠭᠠᠭᠤᠯᠤᠭᠴᠢ ᠦᠢᠯᠡᠳᠤᠯ ᠦᠵᠡᠭᠦᠯᠭᠦ ᠶᠢ ᠦᠨᠡᠨ ᠭᠦ ᠪᠠᠳᠠᠷᠠᠭᠤᠯᠵᠤ᠂ ᠲᠤᠯᠢ ᠭᠠᠴᠠᠭ᠎ᠠ ᠪᠠᠨ ᠤᠯᠠᠮ ᠦᠵᠡᠰᠭᠦᠯᠡᠩᠳᠤ ᠰᠠᠶᠢᠬᠠᠨ ᠪᠤᠯᠭᠠᠨ ᠪᠦᠳᠤᠭᠡᠨ ᠪᠠᠶᠢᠭᠤᠯᠵᠤ᠂ ᠠᠷᠠᠳ ᠲᠦᠮᠡᠨ ᠢᠶᠠᠨ ᠡᠷᠳᠡ ᠨᠢᠭᠡᠨ ᠡᠳᠤᠷ ᠵᠤᠯ ᠵᠢᠷᠭᠠᠯ ᠲᠠᠢ ᠴᠢᠨᠡᠭᠡᠯᠢᠭ ᠠᠮᠢᠳᠤᠷᠠᠭᠤᠯᠬᠤ ᠪᠠᠷ ᠴᠢᠷᠮᠠᠶᠢᠬᠤ ᠶᠢ ᠣᠷᠢᠶᠠᠯᠠᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号