ᠰᠢ ᠶᠢᠨ ᠫᠢᠩ ᠢᠨᠳᠤᠨᠧᠰᠢᠶ᠎ᠠ ᠶᠢᠨ ᠶᠠᠷᠤᠩᠬᠡᠶᠢᠯᠡᠭᠴᠢ ᠽᠦᠸᠧᠺᠧ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-07
     ᠰᠢᠨᠬᠤᠸᠠ ᠬᠤᠷᠢᠶᠠᠨ ᠤ ᠪᠡᠬᠡᠵᠢᠩ ᠤᠨ 4 ᠰᠠᠷ᠎ᠠ ᠶᠢᠨ 2 ᠤᠨ ᠴᠠᠬᠢᠯᠭᠠᠨ ᠮᠡᠳᠡᠭᠡ  ᠤᠯᠤᠰ ᠤᠨ ᠲᠡᠷᠢᠬᠦᠯᠡᠭᠴᠢ ᠰᠢ ᠶᠢᠨ ᠫᠢᠩ 2 ᠤᠨ ᠡᠳᠤᠷ ᠢᠨᠳᠤᠨᠧᠰᠢᠶ᠎ᠠ ᠶᠢᠨ ᠶᠠᠷᠤᠩᠬᠡᠶᠢᠯᠡᠭᠴᠢ ᠽᠦᠸᠧᠺᠧ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠤᠳᠤᠬᠠᠨ ᠳᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ ᠢᠨᠳᠤᠨᠧᠰᠢᠶ᠎ᠠ ᠶᠢ ᠪᠠᠭᠳᠠᠭᠠᠬᠰᠠᠨ ᠤᠯᠠᠨ ᠤᠯᠤᠰ ᠤᠯᠠᠨ ᠴᠡᠭ ᠲᠤ ᠲᠦᠷᠬᠡᠨ ᠢᠶᠠᠷ ᠦᠷᠪᠢᠰᠤᠨ ᠲᠡᠯᠬᠡᠷᠠᠵᠤ ᠪᠠᠶᠢᠨ᠎ᠠ ᠂ ᠪᠢ ᠳᠤᠮᠳᠠᠳᠤ ᠤᠯᠤᠰ ᠤᠨ ᠵᠠᠰᠠᠬ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠠ ᠠᠴᠠ ᠢᠨᠳᠤᠨᠧᠰᠢᠶ᠎ᠠ ᠶᠢᠨ ᠵᠠᠰᠠᠬ ᠤᠨ ᠤᠷᠳᠤᠨ ᠪᠤᠯᠤᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠤᠬᠤᠨᠢᠭᠤᠯᠵᠦ ᠪᠠᠶᠢᠨ᠎ᠠ᠃ ᠬᠠᠳᠠᠭᠤᠵᠢᠯᠳᠠᠢ ᠭᠠᠷᠮᠠᠭᠠᠢ ᠴᠢᠷᠮᠠᠶᠢᠯᠭ᠎ᠠ ᠪᠠᠷ ᠳᠤᠮᠳᠠᠳᠤ ᠤᠯᠤᠰ ᠤᠨ ᠠᠷᠠᠳ ᠲᠦᠮᠡᠨ ᠬᠠᠮᠤᠬ ᠤᠨ ᠬᠦᠴᠢᠷ ᠴᠠᠬ ᠮᠦᠴᠠ ᠶᠢ ᠨᠢᠭᠡᠨᠲᠡ ᠲᠤᠭᠤᠯᠵᠠᠢ᠃ ᠪᠢᠳᠠ ᠢᠨᠳᠤᠨᠧᠰᠢᠶ᠎ᠠ ᠶᠢᠨ ᠤᠳᠤᠬᠠᠨ ᠤ ᠲᠤᠯᠭᠠᠷᠠᠵᠤ ᠪᠦᠬᠦᠢ ᠬᠦᠴᠢᠷᠳᠠᠯ ᠢ ᠪᠠᠶ᠎ᠠ ᠪᠠᠷ ᠢᠶᠠᠨ ᠦᠩᠭᠡᠷᠡᠬᠦᠯᠦᠭᠰᠡᠨ ᠰᠢᠭ ᠰᠠᠨᠠᠭᠲᠠᠵᠤ ᠪᠠᠶᠢᠨ᠎ᠠ᠂ ᠲᠤᠷᠠᠳᠠᠶ᠎ᠠ ᠲᠡᠮᠵᠢᠯᠬᠡ ᠪᠤᠯᠤᠨ ᠬᠠᠪᠰᠤᠷᠤᠯᠭ᠎ᠠ ᠬᠠᠩᠭᠠᠵᠤ᠂ ᠬᠦᠴᠢᠷ ᠪᠡᠷᠬᠡᠰᠢᠶᠡᠯ ᠢ ᠬᠠᠮᠳᠤ ᠪᠠᠷ ᠲᠤᠭᠤᠯᠤᠨ᠎ᠠ᠃ ᠶᠠᠷᠤᠩᠬᠡᠶᠢᠯᠡᠭᠴᠢ ᠠᠪᠤᠭᠠᠢ ᠶᠢᠨ ᠤᠳᠤᠷᠢᠳᠤᠯᠭ᠎ᠠ ᠲᠤᠤᠷ᠎ᠠ ᠢᠨᠳᠤᠨᠧᠰᠢᠶ᠎ᠠ ᠶᠢᠨ ᠬᠢᠨ ᠡᠴᠦᠰ ᠲᠡᠭᠡᠨ ᠬᠢᠵᠢᠭ ᠤᠨ ᠪᠠᠶᠢᠳᠠᠯ ᠢ ᠲᠠᠶᠢᠯᠠᠨ ᠢᠯᠠᠬᠤ ᠶᠢ ᠪᠠᠳᠤ ᠢᠳᠡᠬᠡᠵᠤ ᠪᠠᠶᠢᠨ᠎ᠠ ᠬᠡᠵᠤ ᠵᠢᠭᠠᠵᠤ ᠭᠠᠷᠭᠠᠪᠠ᠃ ᠰᠢ ᠶᠢᠨ ᠫᠢᠩ᠂ ᠬᠦᠨᠳᠤ ᠨᠤᠴᠢᠳᠠᠢ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠪᠤᠯᠤᠨ ᠢᠨᠳᠤᠨᠧᠰᠢᠶ᠎ᠠ ᠶᠢᠨ ᠬᠢᠨ ᠬᠠᠷᠢᠯᠴᠠᠨ ᠲᠡᠮᠵᠢᠯᠴᠡᠨ᠂ ᠬᠦᠴᠢᠷ ᠵᠤᠪᠠᠯᠠᠩ ᠢ ᠬᠠᠮᠳᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠠ ᠬᠦᠨ ᠵᠤᠵᠠᠭᠠᠨ ᠨᠦᠬᠦᠷᠯᠠᠯ ᠢ ᠬᠠᠷᠠᠭᠤᠯᠵᠠᠢ᠃ ᠡᠨᠡ ᠵᠢᠯ ᠪᠤᠯ ᠳᠤᠮᠳᠠᠳᠤ ᠢᠨᠳᠤᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 70 ᠵᠢᠯ ᠤᠨ ᠤᠢ ᠪᠤᠯᠤᠨ᠎ᠠ᠂ ᠳᠤᠮᠳᠠᠳᠤ ᠤᠯᠤᠰ ᠲᠤᠷᠠᠳᠠᠶ᠎ᠠ ᠢᠨᠳᠤᠨᠧᠰᠢᠶ᠎ᠠ ᠲᠠᠢ ᠬᠠᠮᠳᠤ ᠪᠠᠷ ᠴᠢᠷᠮᠠᠶᠢᠨ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠳᠤᠬᠡᠨ ᠪᠠᠶᠢᠭᠤᠯᠬᠤ ᠶᠢ ᠦᠷᠬᠦᠯᠵᠢᠯᠠᠨ ᠬᠦᠨᠵᠡᠬᠡᠶᠢᠷᠡᠬᠦᠯᠵᠤ᠂ ᠳᠤᠮᠳᠠᠳᠤ ᠢᠨᠳᠤᠨᠧᠰᠢᠶ᠎ᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠲᠠᠰᠤᠷᠠᠯᠳᠠ ᠦᠬᠡᠢ ᠬᠦᠭᠵᠢᠬᠦᠯᠤᠨ᠎ᠠ ᠬᠡᠵᠤ ᠴᠢᠬᠤᠯᠠᠴᠢᠯᠠᠪᠠ᠃      ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠪᠤᠯ ᠪᠦᠬᠦ ᠬᠦᠮᠤᠨ ᠲᠦᠷᠤᠯᠬᠢᠳᠠᠨ ᠳᠤ ᠲᠤᠯᠭᠠᠷᠠᠬᠰᠠᠨ ᠬᠠᠮᠳᠤ ᠶᠢᠨ ᠦᠷᠢᠰᠤᠯᠳᠤᠬᠡᠨ ᠪᠤᠯᠤᠨ᠎ᠠ᠃ ᠲᠡᠯᠡᠬᠡᠢ ᠨᠡᠶᠢᠬᠡᠮ ᠢᠶᠠᠷ ᠢᠶᠠᠨ ᠬᠦᠴᠦᠷᠭᠡᠭ ᠶᠡᠭᠡ ᠬᠦᠴᠤᠨ ᠴᠢᠳᠠᠯ ᠪᠤᠯᠵᠤ ᠨᠢᠬᠳᠠᠷᠠᠪᠠᠯ ᠰᠠᠶ᠋ᠢ ᠡᠨᠡ ᠬᠦ ᠲᠦᠢᠳᠬᠡᠷ ᠬᠢᠵᠢᠭ ᠢ ᠲᠠᠷᠤᠵᠤ ᠲᠠᠷᠬᠠᠨ ᠢᠯᠠᠯᠳᠠ ᠶᠢ ᠤᠯᠵᠤ ᠴᠢᠳᠠᠨ᠎ᠠ ᠃ ᠳᠤᠮᠳᠠᠳᠤ ᠤᠯᠤᠰ ᠪᠤᠯᠤᠨ ᠢᠨᠳᠤᠨᠧᠰᠢᠶ᠎ᠠ ᠨᠢᠬᠳᠠ ᠬᠠᠮᠳᠤᠷᠠᠨ ᠠᠵᠢᠯᠯᠠᠵᠤ᠂ ᠬᠤᠷᠢᠨ ᠤᠯᠤᠰ ᠤᠨ ᠪᠦᠯᠦᠭᠯᠡᠯ ᠪᠤᠯᠤᠨ ᠲᠡᠯᠡᠬᠡᠢ ᠨᠡᠶᠢᠬᠡᠮ ᠤᠨ ᠬᠢᠨ ᠤ ᠬᠢᠮᠤᠷᠠᠯ ᠢ ᠠᠷᠭᠠᠴᠠᠭᠠᠬᠤ ᠪᠠ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠳᠠ ᠶᠢᠨ ᠲᠠᠯ᠎ᠠ ᠪᠠᠷ ᠤᠢᠢᠯᠡᠳᠤᠯ ᠢᠶᠠᠨ ᠪᠠᠳᠠᠷᠠᠭᠤᠯᠬᠤ ᠶᠢ ᠠᠬᠢᠭᠤᠯᠬᠤ ᠭᠡᠷᠡᠭᠳᠠᠢ ᠪᠠᠶᠢᠨ᠎ᠠ᠃ ᠳᠤᠮᠳᠠᠳᠤ ᠤᠯᠤᠰ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠤᠢᠢᠯᠠᠭᠠᠭᠳᠠᠬᠤᠨ ᠢ ᠪᠠᠷᠢᠮᠳᠠᠯᠠᠨ᠂ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠲᠤᠷᠰᠢᠯᠭ᠎ᠠ ᠪᠠᠨ ᠬᠤᠪᠢᠶᠠᠯᠴᠠᠵᠤ᠂ ᠴᠢᠳᠠᠯ ᠤᠨ ᠬᠢᠷᠢ ᠪᠠᠷ ᠢᠶᠠᠨ ᠲᠤᠰᠠᠯᠠᠮᠵᠢ ᠬᠠᠩᠭᠠᠨ᠂ ᠡᠯ᠎ᠠ ᠤᠯᠤᠰ ᠲᠠᠢ ᠬᠠᠮᠳᠤ ᠪᠠᠷ ᠪᠦᠬᠦ ᠪᠦᠮᠪᠦᠷᠴᠡᠭ ᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠤᠢᠢᠯᠡᠰ ᠤᠨ ᠬᠦᠭᠵᠢᠯᠳᠠ ᠶᠢ ᠠᠬᠢᠭᠤᠯᠵᠤ᠂ ᠬᠦᠮᠤᠨ ᠲᠦᠷᠤᠯᠬᠢᠳᠠᠨ ᠤ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠬᠠᠮᠳᠦ ᠶᠢᠨ ᠴᠤᠬᠴᠠ ᠶᠢ ᠪᠠᠶᠢᠭᠤᠯᠤᠨ᠎ᠠ ᠬᠡᠵᠤ ᠴᠢᠬᠤᠯᠠᠴᠢᠯᠠᠪᠠ᠃      ᠽᠦᠸᠧᠺᠧ᠂ ᠲᠡᠷᠢᠬᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠲᠤᠤᠷ᠎ᠠ ᠳᠤᠮᠳᠠᠳᠤ ᠤᠯᠤᠰ ᠤᠨ ᠠᠷᠠᠳ ᠲᠦᠮᠡᠨ ᠬᠢᠵᠢᠭ ᠲᠠᠢ ᠲᠡᠮᠡᠴᠡᠬᠦ ᠲᠠᠯ᠎ᠠ ᠪᠠᠷ ᠴᠢᠬᠤᠯᠠ ᠠᠮᠵᠢᠯᠳᠠ ᠪᠦᠳᠤᠮᠵᠢ ᠤᠯᠪᠠ᠂ ᠲᠡᠯᠡᠬᠡᠢ ᠳ᠋ᠠᠬᠢᠨ ᠢᠶᠠᠷ ᠢᠶᠠᠨ ᠲᠤᠯᠢ ᠪᠤᠯᠭᠠᠪᠠᠯ ᠵᠤᠬᠢᠨ᠎ᠠ᠃ ᠳᠤᠮᠳᠠᠳᠤ ᠤᠯᠤᠰ ᠠᠴᠠ ᠢᠨᠳᠤᠨᠧᠰᠢᠶ᠎ᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠡᠳ᠋ ᠪᠤᠳᠠᠰ ᠤᠨ ᠲᠤᠰᠠᠯᠠᠮᠵᠢ ᠪᠤᠯᠤᠨ ᠡᠷᠬᠢᠮ ᠨᠠᠨᠳᠢᠨ ᠲᠡᠮᠵᠢᠯᠬᠡ ᠬᠠᠩᠭᠠᠬᠰᠠᠨ ᠳᠤ ᠲᠠᠯᠠᠷᠬᠠᠵᠦ ᠪᠠᠶᠢᠨ᠎ᠠ᠂ ᠡᠨᠡ ᠨᠢ ᠢᠨᠳᠤᠨᠧᠰᠢᠶ᠎ᠠ ᠳᠤ ᠲᠦᠢᠯ ᠤᠨ ᠴᠢᠬᠤᠯᠠ ᠶᠤᠮ᠃ ᠸᠢᠷᠦ᠋ᠰ ᠲᠤ ᠤᠯᠤᠰ ᠤᠨ ᠵᠠᠭᠠᠬ ᠬᠡᠮᠡᠨ ᠦᠬᠡᠢ᠂ ᠲᠡᠷᠡ ᠪᠤᠯ ᠬᠦᠮᠤᠨ ᠲᠦᠷᠤᠯᠬᠢᠳᠠᠨ ᠤ ᠬᠠᠮᠳᠤ ᠶᠢᠨ ᠲᠠᠶᠢᠰᠤᠨ ᠶᠤᠮ᠃ ᠢᠨᠳᠤᠨᠧᠰᠢᠶ᠎ᠠ ᠶᠢᠨ ᠬᠢᠨ ᠨᠡᠷ᠎ᠠ ᠲᠦᠷᠤ ᠶᠢ ᠭᠤᠳᠤᠭᠠᠬᠤ ᠠᠯᠢᠪᠠ ᠠᠵᠢᠯᠯᠠᠭ᠎ᠠ ᠶᠢ ᠡᠷᠡᠰ ᠡᠰᠡᠷᠬᠦᠴᠡᠵᠤ ᠲᠤᠷᠠᠳᠠᠶ᠎ᠠ ᠳᠤᠮᠳᠠᠳᠤ ᠤᠯᠤᠰ ᠲᠠᠢ ᠬᠠᠮᠳᠤ ᠪᠠᠷ ᠲᠡᠯᠡᠬᠡᠢ ᠨᠡᠶᠢᠬᠡᠮ ᠤᠨ ᠪᠦᠯᠬᠦᠮᠳᠡᠯ ᠬᠠᠮᠳᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠤᠨ᠎ᠠ᠃ ᠢᠨᠳᠤᠨᠧᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠬᠦᠭᠵᠢᠯᠳᠠ ᠶᠢ ᠠᠬᠢᠭᠤᠯᠬᠤ ᠶᠢ ᠬᠦᠰᠡᠨ ᠬᠦᠯᠢᠶᠠᠵᠤ ᠪᠠᠶᠢᠨ᠎ᠠ ᠬᠡᠵᠤ ᠢᠯᠡᠳᠬᠡᠵᠡᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号