ᠰᠢ ᠶᠢᠨ ᠫᠢᠩ ᠪᠧᠯᠭᠢ ᠶᠢᠨ ᠤᠯᠤᠰ ᠤᠨ ᠸᠠᠩ ᠹᠢᠯᠢᠫᠦ᠋ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-07
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 2 ᠤᠨ ᠡᠳᠤᠷ ᠪᠧᠯᠬᠢ ᠶᠢᠨ ᠤᠯᠤᠰ ᠤᠨ ᠸᠠᠩ ᠹᠢᠯᠢᠫᠦ᠋ ᠲᠠᠢ ᠤᠳᠠᠰᠤ ᠪᠠᠷ ᠶᠠᠷᠢᠯᠴᠠᠪᠠ      ᠰᠢ ᠶᠢᠨ ᠫᠢᠩ᠂ ᠤᠳᠤᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠦᠮᠪᠦᠷᠴᠡᠭ ᠲᠤ ᠦᠷᠪᠢᠰᠤᠨ ᠲᠡᠯᠬᠡᠷᠡᠵᠥ᠂ ᠡᠸᠦ᠋ᠷᠦᠫᠠ ᠲᠢᠪ ᠪᠤᠯᠤᠨ ᠪᠧᠯᠬᠢ ᠬᠦᠨᠳᠤ ᠨᠤᠴᠢᠳᠠᠢ ᠦᠷᠢᠰᠦᠯᠳᠦᠬᠡᠨ ᠳᠤ ᠲᠤᠯᠭᠠᠷᠠᠵᠥ ᠪᠠᠶᠢᠨ᠎ᠠ᠂ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠡ ᠠᠴᠠ ᠪᠧᠯᠬᠢ ᠶᠢᠨ ᠸᠠᠩ ᠤᠨ ᠤᠭᠰᠠᠭ᠎ᠠ᠂ ᠵᠠᠰᠠᠭ ᠤᠨ ᠤᠷᠳᠤᠨ ᠪᠤᠯᠤᠨ ᠪᠧᠯᠬᠢ ᠶᠢᠨ ᠠᠷᠠᠳ ᠲᠦᠮᠡᠨ ᠢ ᠴᠢᠩ ᠦᠨᠡᠨᠴᠢ ᠪᠠᠷ ᠲᠤᠬᠤᠨᠢᠭᠤᠯᠵᠥ ᠪᠠᠶᠢᠬᠤ ᠪᠡ ᠡᠷᠡᠰ ᠲᠡᠮᠵᠢᠵᠥ ᠪᠠᠶᠢᠬᠤ ᠪᠠᠨ ᠢᠯᠡᠳᠬᠡᠶ᠎ᠡ᠃ ᠲᠤᠮᠳᠠᠳᠤ ᠤᠯᠤᠰ ᠬᠢᠵᠢᠭ ᠲᠠᠢ ᠲᠡᠮᠡᠴᠡᠵᠥ ᠪᠠᠶᠢᠭᠰᠠᠠ ᠵᠠᠩᠬᠢᠯᠠᠭ᠎ᠠ ᠶᠢᠨ ᠦᠶ᠎ᠡ ᠳᠤ ᠪᠧᠯᠬᠢ ᠶᠢᠨ ᠡᠯ᠎ᠡ ᠡᠳᠡᠬᠡᠳ ᠤᠨ ᠬᠢᠨ ᠠᠳᠠᠯᠢ ᠪᠤᠰᠤ ᠬᠡᠯᠪᠡᠷᠢ ᠪᠠᠷ ᠲᠤᠮᠳᠠᠳᠤ ᠤᠯᠤᠰ ᠢ ᠲᠤᠬᠤᠨᠢᠭᠤᠯᠵᠥ ᠪᠠᠶᠢᠬᠤ ᠪᠠ ᠲᠡᠮᠵᠢᠵᠥ ᠪᠠᠶᠢᠬᠤ ᠪᠠᠨ ᠢᠯᠡᠳᠬᠡᠵᠥ᠂ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠭᠰᠠᠠ ᠬᠦᠨ ᠵᠤᠵᠠᠭᠠᠨ ᠨᠦᠬᠦᠷᠯᠡᠯ ᠢ ᠬᠠᠷᠠᠭᠤᠯᠪᠠ᠃ ᠲᠤᠮᠳᠠᠳᠤ ᠤᠯᠤᠰ ᠲᠤᠷᠠᠳᠠᠶ᠎ᠠ ᠪᠧᠯᠬᠢ ᠶᠢᠨ ᠬᠦᠴᠢᠷ ᠵᠤᠪᠠᠭᠤᠷᠢ ᠶᠢ ᠪᠤᠲᠤᠯᠬᠢᠯᠠᠨ᠂ ᠠᠯᠢ ᠴᠢᠳᠠᠬᠤ ᠪᠠᠷ ᠪᠧᠯᠬᠢ ᠶᠢᠨ ᠬᠢᠨ ᠢ ᠬᠠᠪᠰᠤᠷᠤᠨ ᠤᠳᠤᠬᠠᠨ ᠤ ᠬᠢᠵᠢᠭ ᠢ ᠰᠡᠷᠬᠡᠶᠢᠯᠡᠬᠦ ᠡᠳ᠋ ᠪᠤᠳᠠᠰ ᠲᠤᠳᠠᠭᠳᠠᠵᠥ ᠪᠠᠶᠢᠭ᠎ᠠ ᠬᠦᠴᠢᠷᠳᠡᠯ ᠢ ᠨᠢ ᠰᠢᠢᠳᠪᠤᠷᠢᠯᠡᠵᠥ᠂ ᠪᠧᠯᠬᠢ ᠯᠦᠭᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠰᠡᠡ ᠠᠰᠢᠬᠳᠠᠢ ᠲᠤᠷᠰᠢᠯᠭ᠎ᠠ ᠪᠠᠨ ᠬᠤᠪᠢᠶᠠᠯᠴᠠᠨ᠂ ᠸᠠᠺᠼᠢᠨ ᠪᠤᠯᠤᠨ ᠡᠮ ᠤᠨ ᠵᠦᠢᠯ ᠢ ᠰᠤᠳᠤᠯᠤᠨ ᠦᠢᠯᠡᠳᠬᠦ ᠵᠡᠷᠬᠡ ᠬᠦᠷᠢᠶᠡᠨ ᠤ ᠬᠠᠮᠳᠤᠷᠠᠯᠴᠠᠭ᠎ᠠ ᠪᠠᠨ ᠬᠠᠮᠳᠤ ᠪᠠᠷ ᠠᠬᠢᠭᠤᠯᠤᠨ᠎ᠠ᠃ ᠪᠧᠯᠬᠢ ᠶᠢᠨ ᠸᠠᠩ ᠤᠨ ᠤᠭᠰᠠᠭ᠎ᠠ ᠪᠤᠯᠤᠨ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠡ ᠪᠧᠯᠬᠢ ᠶᠢᠨ ᠠᠷᠠᠳ ᠲᠦᠮᠡᠨ ᠯᠠᠪᠳᠠᠢ ᠬᠢᠵᠢᠭ ᠤᠨ ᠪᠠᠶᠢᠳᠠᠯ ᠢ ᠢᠯᠠᠨ ᠲᠠᠪᠠᠨ᠎ᠡ ᠬᠡᠳᠡᠭ ᠢ ᠢᠳᠡᠬᠡᠵᠥ ᠪᠠᠶᠢᠨ᠎ᠠ᠃ ᠪᠧᠯᠬᠢ ᠶᠢᠨ ᠬᠢᠨ ᠪᠧᠯᠬᠢ ᠳᠠᠬᠢ ᠲᠤᠮᠳᠠᠳᠤ ᠤᠯᠤᠰ ᠤᠨ ᠢᠷᠬᠡᠨ᠂ ᠤᠨᠴᠠᠭᠠᠢᠢᠯᠠᠨ ᠲᠡᠨᠳᠡ ᠰᠤᠷᠤᠯᠴᠠᠵᠥ ᠪᠠᠶᠢᠭ᠎ᠠ ᠰᠤᠷᠤᠭᠴᠢᠳ ᠤᠨ ᠠᠮᠤᠷ ᠲᠦᠪᠰᠢᠨ ᠢ ᠪᠠᠳᠤᠯᠠᠬᠤ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ ᠰᠠᠶᠢᠳᠤᠷ ᠬᠢᠬᠦ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠡᠪᠡᠳᠴᠢᠨ ᠤ ᠸᠢᠷᠦ᠋ᠰ ᠭᠡᠭᠴᠢ ᠤᠯᠤᠰ ᠤᠨ ᠵᠠᠭᠠᠭ ᠦᠭᠡᠢ᠂ ᠠᠷᠠᠰᠤᠳᠠᠨ ᠶᠠᠰᠤᠲᠠᠨ ᠢ ᠢᠯᠭᠠᠬᠤ ᠦᠬᠡᠢ᠂ ᠪᠦᠬᠦ ᠬᠦᠮᠥᠨ ᠲᠦᠷᠦᠯᠬᠢᠳᠡᠨ ᠳᠤ ᠲᠤᠯᠭᠠᠷᠠᠭᠰᠠᠠ ᠬᠠᠮᠳᠤ ᠶᠢᠨ ᠦᠷᠢᠰᠦᠯᠳᠦᠬᠡᠨ ᠪᠤᠯᠤᠨ᠎ᠠ᠂ ᠲᠡᠯᠡᠬᠡᠢ ᠨᠡᠶᠢᠬᠡᠮ ᠢᠶᠠᠷ ᠢᠶᠠᠨ ᠬᠠᠮᠳᠤᠷᠠᠯ ᠬᠦᠴᠦᠨ ᠪᠤᠯᠵᠥ ᠪᠦᠷᠢᠯᠳᠦᠮᠡᠨᠵᠢᠨ ᠰᠠᠶᠢ ᠲᠡᠭᠦᠨ ᠢ ᠲᠠᠷᠤᠵᠤ ᠴᠢᠳᠠᠨ᠎ᠠ᠃ ᠲᠤᠮᠳᠠᠳᠤ ᠤᠯᠤᠰ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠢ ᠪᠠᠷᠢᠮᠳᠠᠯᠠᠵᠥ᠂ ᠤᠯᠠᠨ ᠤᠯᠤᠰ ᠤᠨ ᠬᠠᠮᠳᠤᠷᠠᠯᠴᠠᠭ᠎ᠠ ᠶᠢ ᠪᠦᠬᠦ ᠲᠡᠯ᠎ᠡ ᠪᠠᠷ ᠴᠢᠩᠭᠠᠳᠬᠠᠨ᠎ᠠ᠃ ᠡᠮᠤᠨᠡᠭᠡᠨ ᠬᠤᠷᠠᠯᠳᠤᠬᠰᠡᠨ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠠᠷᠭᠠᠴᠠᠭᠠᠬᠤ ᠤᠨᠴᠠᠭᠠᠢ ᠲᠦᠷᠦᠬᠦᠴᠤᠳ ᠤᠨ ᠬᠤᠷᠠᠯ ᠲᠡᠭᠡᠷ᠎ᠡ᠂ ᠪᠢ ᠬᠢᠵᠢᠭ ᠲᠠᠢ ᠲᠡᠮᠡᠴᠡᠬᠦ ᠤᠯᠠᠨ ᠤᠯᠤᠰ ᠤᠨ ᠬᠠᠮᠳᠤᠷᠠᠯᠴᠠᠭ᠎ᠠ ᠪᠤᠯᠤᠨ ᠲᠡᠯᠡᠭᠡᠢ ᠶᠢᠨ ᠠᠵᠤ ᠠᠬᠤᠢ ᠶᠢ ᠲᠤᠬᠳᠠᠭᠤᠨ ᠪᠠᠶᠢᠯᠭᠠᠬᠤ ᠲᠤᠬᠠᠢ ᠰᠠᠨᠠᠭᠠᠴᠢᠯᠠᠭ᠎ᠠ ᠲᠤᠷᠠᠳᠴᠤ ᠦᠡᠭᠭᠡᠷᠡᠵᠠᠢ᠃ ᠲᠤᠮᠳᠠᠳᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠳᠦᠭᠡᠯ ᠢᠶᠠᠨ ᠪᠠᠬᠢᠵᠢᠬᠦᠯᠦᠭᠰᠡᠨ ᠰᠠᠭᠤᠷᠢᠨ ᠲᠡᠭᠡᠷ᠎ᠡ ᠪᠦᠬᠦ ᠤᠯᠤᠰ ᠤᠨ ᠬᠡᠪᠴᠢᠶᠠᠨ ᠳᠤ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠠᠵᠢᠯ ᠢ ᠱᠠᠯᠠᠪᠳᠠᠭᠤᠯᠤᠨ᠂ ᠬᠦᠴᠢᠷ ᠪᠡᠷᠭᠡᠰᠢᠶᠠᠯ ᠢ ᠢᠯᠡᠨ ᠲᠠᠪᠠᠵᠤ᠂ ᠡᠮᠴᠢᠯᠡᠭᠡᠨ ᠤ ᠡᠳ᠋ ᠪᠤᠳᠠᠰ ᠦᠢᠯᠡᠳᠪᠤᠷᠢᠯᠡᠬᠦ ᠴᠢᠳᠠᠪᠤᠷᠢ ᠶᠢ ᠤᠷᠢᠳ ᠢᠶᠠᠷ ᠰᠡᠷᠬᠦᠭᠡᠨ ᠲᠡᠭᠡᠭᠰᠢᠯᠡᠬᠦᠯᠵᠤ᠂ ᠶᠠᠰᠤ ᠴᠢᠨᠠᠷ ᠤᠨ ᠬᠢᠨᠠᠯᠳᠠ ᠬᠠᠮᠢᠶᠡᠷᠤᠯᠳᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠳᠤ ᠠᠯᠢ ᠴᠢᠳᠠᠬᠤ ᠪᠠᠷ ᠡᠳ᠋ ᠪᠤᠳᠠᠰ ᠤᠨ ᠪᠠᠳᠤᠯᠠᠭ᠎ᠠ ᠢᠯᠡᠬᠦᠬᠡᠨ ᠬᠠᠨᠭ᠍ᠭᠠᠨ᠎ᠡ ᠭᠡᠵᠤ ᠴᠢᠬᠤᠯᠠᠴᠢᠯᠠᠪᠠ᠃      ᠰᠢ ᠶᠢᠨ ᠫᠢᠩ᠂ ᠤᠯᠤᠰ ᠤᠨ ᠸᠠᠩ ᠨᠤᠶᠠᠨᠳᠠᠨ ᠲᠤᠮᠳᠠᠳᠤ ᠪᠧᠯᠬᠢ ᠶᠢᠨ ᠬᠠᠷᠢᠯᠴᠠᠭ᠎ᠠ ᠶᠢᠨ ᠬᠦᠭᠵᠢᠯᠳᠠ ᠶᠢ ᠢᠳᠡᠪᠬᠢᠳᠠᠢ ᠠᠬᠢᠭᠤᠯᠪᠠ᠂ ᠲᠤᠮᠳᠠᠳᠤ ᠤᠯᠤᠰ ᠮᠠᠬᠳᠠᠨ ᠰᠠᠶᠢᠰᠢᠶᠠᠵᠤ ᠪᠠᠶᠢᠬᠤ ᠪᠠᠨ ᠢᠯᠡᠳᠭᠡᠵᠤ ᠪᠠᠶᠢᠨ᠎ᠡ᠂ ᠲᠤᠷᠠᠳᠠᠶ᠎ᠡ ᠪᠧᠯᠬᠢ ᠶᠢᠨ ᠬᠢᠨ ᠲᠠᠢ ᠬᠠᠮᠳᠤ ᠪᠠᠷ ᠬᠢᠵᠢᠭ ᠤᠨ ᠪᠠᠶᠢᠳᠠᠯ ᠤᠨ ᠨᠦᠯᠦᠭᠡ ᠶᠢ ᠢᠯᠠᠨ ᠲᠠᠪᠠᠵᠤ᠂ ᠡᠯ᠎ᠡ ᠬᠦᠷᠢᠶᠠᠨ ᠳᠠᠬᠢ ᠬᠠᠮᠳᠤᠷᠠᠯᠴᠠᠭ᠎ᠠ ᠪᠠᠨ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠲᠤᠮᠳᠠᠳᠤ ᠪᠧᠯᠬᠢ᠂ ᠲᠤᠮᠳᠠᠳᠤ ᠡᠸᠦ᠋ᠷᠦᠫᠠ ᠶᠢᠨ ᠬᠠᠷᠢᠯᠴᠠᠭ᠎ᠠ ᠶᠢᠨ ᠬᠦᠭᠵᠢᠯᠳᠠ ᠶᠢ ᠠᠬᠢᠭᠤᠯᠤᠨ᠎ᠡ ᠭᠡᠵᠤ ᠴᠢᠬᠤᠯᠠᠴᠢᠯᠠᠪᠠ᠃      ᠹᠢᠯᠢᠫᠦ᠋᠂ ᠤᠳᠤᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠡᠯᠡᠭᠡᠢ ᠶᠢᠨ ᠡᠯ᠎ᠡ ᠤᠯᠤᠰ ᠢ ᠲᠠᠭᠠᠷᠢᠨ ᠰᠦᠷᠳᠡᠬᠦᠯᠵᠤ ᠪᠠᠶᠢᠨ᠎ᠡ᠃ ᠲᠤᠮᠳᠠᠳᠤ ᠤᠯᠤᠰ ᠡᠩ ᠲᠡᠷᠢᠬᠦᠨ ᠳᠤ ᠬᠢᠵᠢᠭ ᠤᠨ ᠪᠠᠶᠢᠳᠠᠯ ᠢ ᠡᠵᠡᠮᠳᠡᠪᠠ᠂ ᠲᠤᠮᠳᠠᠳᠤ ᠤᠯᠤᠰ ᠤᠨ ᠲᠤᠷᠰᠢᠯᠭ᠎ᠠ ᠪᠤᠰᠤᠳ ᠤᠯᠤᠰ ᠲᠤ ᠴᠢᠬᠤᠯᠠ ᠲᠤᠯᠢᠯᠠᠯ ᠤᠨ ᠠᠴᠢ ᠬᠤᠯᠪᠤᠬᠳᠠᠯ ᠲᠠᠢ ᠶᠤᠮ᠃ ᠲᠤᠮᠳᠠᠳᠤ ᠤᠯᠤᠰ ᠡᠯ᠎ᠡ ᠤᠯᠤᠰ ᠤᠨ ᠬᠢᠵᠢᠭ ᠲᠠᠢ ᠲᠡᠮᠡᠴᠡᠬᠦ ᠳᠤ ᠲᠤᠰᠠᠯᠠᠮᠵᠢ ᠬᠠᠨᠭ᠍ᠭᠠᠵᠤ᠂ ᠬᠤᠪᠢ ᠨᠠᠮᠠᠷᠢ ᠦᠵᠡᠬᠦᠯᠪᠠ᠃ ᠪᠧᠯᠬᠢ ᠶᠢᠨ ᠬᠢᠨ ᠲᠤᠮᠳᠠᠳᠤ ᠶᠢᠨ ᠲᠠᠯ᠎ᠠ ᠠᠴᠠ ᠪᠠᠴᠢᠮ ᠭᠡᠷᠡᠭᠴᠡᠭᠡᠳᠤ ᠡᠮᠴᠢᠯᠡᠭᠡᠨ ᠤ ᠬᠠᠮᠠᠭᠠᠯᠠᠯᠳᠠ ᠶᠢᠨ ᠡᠳ᠋ ᠪᠤᠳᠠᠰ ᠬᠠᠨᠭ᠍ᠭᠠᠭᠰᠠᠠ ᠳᠤ ᠲᠡᠯᠡᠷᠬᠠᠵᠤ ᠪᠠᠶᠢᠨ᠎ᠡ᠃ ᠪᠧᠯᠬᠢ ᠲᠤᠷᠠᠳᠠᠶ᠎ᠡ ᠡᠮ ᠲᠠᠩ ᠤᠨ ᠰᠤᠳᠤᠯᠭᠠᠨ ᠤ ᠲᠠᠯ᠎ᠡ ᠪᠠᠷ ᠲᠤᠮᠳᠠᠳᠤ ᠶᠢᠨ ᠬᠢᠨ ᠲᠠᠢ ᠬᠠᠮᠳᠤᠷᠠᠯᠴᠠᠭ᠎ᠠ ᠦᠷᠨᠢᠬᠦᠯᠤᠨ᠎ᠡ᠃ ᠵᠤᠪᠠᠯ ᠵᠦᠳᠡᠬᠦᠷᠢ ᠳᠤ ᠲᠤᠯᠭᠠᠷᠠᠬᠤᠶ᠎ᠠ ᠦᠨᠠᠨ ᠰᠡᠳᠬᠢᠯ ᠢᠶᠠᠨ ᠮᠡᠳᠡᠯᠴᠡᠳᠡᠭ᠃ ᠲᠤᠮᠳᠠᠳᠤ ᠤᠯᠤᠰ ᠪᠤᠯ ᠪᠧᠯᠬᠢ ᠶᠢᠨ ᠵᠢᠩᠭᠢᠨᠢ ᠨᠠᠶᠢᠵᠠ ᠮᠦᠨ᠃ ᠪᠢ ᠡᠨᠡ ᠬᠦ ᠨᠦᠬᠦᠷᠰᠡᠭ ᠰᠡᠳᠬᠢᠯᠭᠡ ᠪᠠᠨ ᠡᠬᠦᠷᠢᠳᠠ ᠨᠠᠨᠳᠢᠩᠨᠠᠵᠤ᠂ ᠬᠤᠶᠠᠷ ᠤᠯᠤᠰ ᠤᠨ ᠶᠠᠪᠤᠯᠴᠠᠭ᠎ᠠ ᠬᠠᠮᠳᠤᠷᠠᠯᠴᠠᠭ᠎ᠠ ᠶᠢ ᠦᠷᠬᠦᠯᠵᠢᠯᠡᠨ ᠢᠳᠡᠪᠬᠢᠳᠠᠢ ᠠᠬᠢᠭᠤᠯᠤᠨ᠎ᠡ ᠭᠡᠵᠤ ᠢᠯᠡᠳᠭᠡᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号