ᠮᠠᠨ ᠤ ᠬᠤᠰᠢᠭᠤ ᠨᠣᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠣᠯ ᠵᠣᠶᠢᠯ ᠢᠶᠠᠷ ᠬᠤᠣᠰ ᠠᠰᠢᠭ ᠬᠦᠷᠳᠡᠯ᠎ᠡ
ᠨᠡᠶᠢᠲᠡᠯᠡᠭᠰᠡᠨ ᠴᠠᠭ᠄
2020-04-07
     ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠳᠣᠪᠴᠢᠶᠠᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠦᠷᠳᠡᠭᠡᠨ ᠤ ᠬᠢᠨ 2017 ᠣᠨ ᠤ ᠪᠡᠭᠡᠵᠢᠩ ᠲᠢᠶᠠᠨᠵᠢᠨ ᠣᠷᠣᠨ ᠤ ᠡᠯᠠᠰᠣ ᠰᠠᠯᠬᠢᠨ ᠤ ᠡᠬᠢ ᠰᠣᠷᠪᠣᠯᠵᠢ ᠶᠢ ᠬᠤᠷᠢᠭᠯᠠᠨ ᠵᠠᠰᠠᠬᠤ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠤᠨ ᠨᠣᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠳᠦᠷᠣᠯ ᠵᠣᠶᠢᠯ ᠤᠨ ᠬᠠᠮᠤᠭ ᠰᠡᠭᠦᠯᠴᠢ ᠶᠢᠨ ᠨᠢᠭᠡ ᠪᠦᠯᠣᠭ᠌ ᠪᠡᠯᠴᠢᠬᠡᠷ ᠨᠣᠳᠤᠭ ᠬᠦᠷᠢᠶᠠᠯᠠᠬᠦ ᠲᠣᠣᠷ ᠣᠳᠠᠰᠣ ᠪᠣᠯᠣᠨ ᠪᠠᠭᠠᠨ᠎ᠠ ᠬᠤᠪᠢᠶᠠᠬᠤ ᠠᠵᠢᠯᠯᠠᠭ᠎ᠠ ᠰᠦᠯᠳᠡ ᠰᠣᠮᠣᠨ ᠤ ᠲᠦᠩᠽᠢ ᠭᠠᠴᠠᠭᠠᠨ ᠳᠤ ᠶᠠᠪᠣᠭᠳᠠᠵᠦ ᠲᠦᠩᠽᠢ ᠭᠠᠴᠠᠭᠠᠨ ᠤ 18 ᠡᠷᠣᠭᠡ ᠶᠢᠨ 9 ᠲᠦᠮᠡ ᠭᠠᠷᠤᠢ ᠮᠤ᠋ ᠪᠠᠯᠠᠷ ᠮᠠᠩᠬᠠᠨ ᠪᠡᠯᠴᠢᠭᠡᠷ ᠢ ᠬᠦᠷᠢᠶᠡᠯᠡᠵᠦ ᠡᠯᠡᠰᠦ ᠮᠠᠩᠬ᠎ᠠ ᠶᠢ ᠳᠣᠭᠳᠠᠪᠣᠷᠢᠵᠢᠭᠤᠯᠣᠨ ᠠᠮᠢ ᠠᠬᠤᠢ ᠶᠢ ᠬᠠᠮᠠᠭᠠᠯᠠᠬᠤ ᠲᠦᠷᠦᠯ ᠵᠦᠢᠯ ᠢ ᠬᠡᠷᠡᠭᠵᠢᠬᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠮᠠᠨ ᠤ ᠬᠤᠰᠢᠭᠤ 2013 ᠣᠨ ᠠᠴᠠ ᠡᠬᠢᠯᠡᠨ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ  ᠭᠤᠤᠯ ᠪᠤᠯᠬᠤ ᠲᠦᠷᠦᠯ ᠵᠦᠢᠯ ᠪᠡᠭᠡᠵᠢᠩ ᠲᠢᠶᠠᠨᠵᠢᠨ ᠤᠷᠤᠨ ᠤ ᠡᠯᠡᠰᠦ ᠰᠠᠯᠬᠢᠨ  ᠤ ᠡᠬᠢ ᠰᠤᠷᠪᠤᠯᠵᠢ ᠶᠢ ᠬᠤᠷᠢᠭᠯᠠᠵᠤ ᠵᠠᠰᠠᠬᠤ ᠢᠨᠵᠧᠨᠧᠷᠢᠩ ᠢ ᠬᠡᠷᠡᠭᠵᠢᠭᠦᠯᠣᠬᠡᠳ ᠠᠮᠢ ᠠᠬᠤᠢ᠂ ᠠᠵᠣ ᠠᠬᠤᠢ ᠶᠢᠨ ᠬᠤᠣᠰ ᠠᠰᠢᠭ ᠬᠦᠷᠳᠡᠭᠰᠡᠨ ᠰᠠᠭᠤᠷᠢᠨ ᠳᠡᠭᠡᠷ᠎ᠡ 2017 ᠣᠨ ᠳᠤ ᠦᠷᠭᠦᠯᠵᠢᠯᠠᠨ 52 ᠳᠦᠮᠡᠨ ᠮᠦ ᠨᠣᠳᠤᠭ ᠪᠡᠯᠴᠢᠬᠡᠷ ᠢ ᠬᠦᠷᠢᠶᠠᠯᠠᠬᠦ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠢ ᠶᠠᠪᠣᠭᠳᠠᠭᠤᠯᠵᠣ ᠡᠨ᠋ᠨ ᠵᠢᠯ ᠦᠯᠡᠳᠡᠭᠰᠡᠨ 10 ᠳᠦᠮᠡᠨ ᠮᠦ ᠨᠣᠳᠤᠭ ᠪᠡᠯᠴᠢᠭᠡᠷ ᠢ ᠬᠦᠷᠢᠶᠠᠯᠠᠬᠦ ᠳᠦᠷᠣᠯ ᠵᠣᠶᠢᠯ ᠶᠢ ᠰᠦᠯᠳᠡ᠂ ᠭᠠᠯᠠᠭᠤᠳᠣ ᠬᠤᠶᠠᠷ ᠰᠣᠮᠣ ᠪᠠᠯᠭᠠᠰᠣᠨ ᠳᠤ ᠶᠠᠪᠣᠭᠳᠠᠭᠤᠯᠣᠨ ᠳᠣᠯᠣᠭᠠᠨ ᠰᠠᠷ᠎ᠠ ᠳᠤ ᠪᠦᠬᠦᠨ ᠢ ᠬᠢᠵᠣ ᠳᠠᠭᠤᠰᠬᠠᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号