4 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨ᠎ᠡ ᠪᠠᠷ | ᠨᠡᠮᠡᠭᠳᠡᠭᠰᠡᠨ ᠵᠠᠰᠠᠭ ᠤᠨ ᠣᠷᠳᠣᠨ ᠤ ᠵᠢᠬᠡᠯᠡᠯᠬᠡ ᠶᠢᠨ ᠳᠡᠮᠳᠡᠭᠲᠦ ᠶᠢᠨ ᠳᠦᠷᠦᠯ ᠵᠦᠢᠯ ᠢ ᠭᠤᠶᠣᠴᠢᠯᠠᠨ ᠮᠡᠳᠡᠬᠦᠯᠬᠦ | ᠳᠣᠬᠠᠢ ᠪᠠᠶᠢᠷᠢᠯᠠᠭᠤᠯᠣᠯᠲᠠ ᠱᠠᠭᠠᠷᠳᠠᠯᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠵᠦ ᠡᠳ᠋ ᠤᠨ ᠵᠠᠰᠠᠭ ᠤᠨ ᠶᠠᠮᠣᠨ ᠤ | ᠳᠦᠷᠦ ᠶᠢᠨ ᠪᠣᠳᠣᠯᠭ᠎ᠠ ᠶᠢᠨ ᠴᠢᠨᠠᠷᠳᠠᠢ ᠮᠦᠩᠬᠦᠨ ᠬᠦᠢᠯᠬᠡᠬᠡ ᠶᠢ ᠳᠡᠳᠬᠦᠨ ᠳᠡᠮᠵᠢᠬᠦ ᠳᠦᠷᠦ ᠶᠢᠨ ᠪᠣᠳᠣᠯᠭ᠎ᠠ ᠶᠢ | ᠬᠦᠨᠵᠡᠬᠡᠢ ᠣᠶᠢᠯᠠᠭᠠᠬᠤ ᠶᠢᠨ ᠳᠦᠯᠦᠬᠡ ᠮᠠᠨ ᠤ ᠬᠤᠰᠢᠭᠤ ᠣᠷᠣᠨ ᠨᠣᠳᠤᠭ ᠤᠨ ᠵᠠᠰᠠᠭ ᠤᠨ ᠣᠷᠳᠣᠨ ᠤ ᠵᠢᠬᠡᠯᠡᠯᠬᠡ | ᠶᠢᠨ ᠳᠡᠮᠳᠡᠭᠲᠣ ᠶᠢᠨ ᠠᠵᠢᠯ ᠤᠨ ᠪᠣᠯᠪᠠᠰᠣᠷᠠᠯ ᠤᠨ ᠬᠤᠷᠠᠯ ᠢ ᠬᠤᠷᠠᠯᠳᠣᠭᠤᠯᠣᠭᠰᠠᠨ ᠪᠠᠶᠢᠨ᠎ᠠ᠃ ᠰᠣᠪᠣᠷᠭ᠎ᠠ ᠠᠵᠣ | ᠠᠬᠤᠢ ᠶᠢᠨ ᠨᠡᠬᠡᠬᠡᠯᠳᠡ ᠶᠢᠨ ᠣᠷᠣᠨ᠂ ᠨᠠᠷᠢᠨᠭᠤᠣᠯ ᠠᠵᠣ ᠦᠢᠯᠡᠳᠪᠦᠷᠢ ᠶᠢᠨ ᠳᠣᠭᠤᠷᠢᠭ᠂ ᠡᠯ᠎ᠡ ᠰᠣᠮᠣ | ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠭᠤᠣᠯ ᠬᠠᠷᠢᠭᠤᠴᠠᠯᠭᠠᠳᠠᠨ ᠪᠠ ᠠᠵᠢᠯᠳᠠᠨ ᠪᠣᠯᠪᠠᠰᠣᠷᠠᠯ ᠳᠤ ᠣᠷᠣᠯᠴᠠᠪᠠ᠃ | ᠪᠣᠯᠪᠠᠰᠣᠷᠠᠯ ᠳᠤ᠂ ᠰᠢᠩ ᠶᠧ ᠪᠠᠩᠬᠢ ᠶᠢᠨ ᠬᠦᠬᠡᠬᠤᠳᠠ ᠳᠠᠬᠢ ᠬᠤᠪᠢᠶᠠᠷᠢ ᠪᠠᠩᠬᠢ ᠶᠢᠨ ᠪᠠᠶᠢᠭᠤᠯᠣᠮᠵᠢ ᠶᠢᠨ | ᠳᠣᠬᠠᠶᠢᠯᠠᠭᠰᠠᠨ ᠠᠵᠢᠯ ᠤᠨ ᠳᠦᠪ ᠤᠨ ᠳᠡᠭᠡᠲᠣ ᠵᠡᠷᠭᠡ ᠶᠢᠨ ᠳᠠᠭᠠᠭᠠᠮᠠᠯ ᠹᠧᠩ ᠮᠢᠨ ᠢ ᠣᠷᠢᠵᠦ ᠳᠣᠰᠬᠠᠢ ᠳᠦᠷᠦᠯ | ᠤᠨ ᠵᠢᠬᠡᠯᠡᠯᠬᠡ ᠶᠢᠨ ᠳᠦᠷᠦ ᠶᠢᠨ ᠪᠣᠳᠣᠯᠭ᠎ᠠ᠂ ᠳᠣᠰᠬᠠᠢ ᠳᠦᠷᠦᠯ ᠤᠨ ᠵᠢᠬᠡᠯᠡᠯᠬᠡ ᠶᠢᠨ ᠬᠡᠷᠡᠭ ᠤᠨ ᠵᠢᠱᠢᠶ᠎ᠡ᠂ | ᠳᠣᠰᠬᠠᠢ ᠳᠦᠷᠦᠯ ᠤᠨ ᠵᠢᠬᠡᠯᠡᠯᠬᠡ ᠶᠢᠨ ᠳᠦᠷᠦᠯ ᠵᠦᠢᠯ ᠤᠨ ᠠᠰᠢᠭ ᠣᠷᠣᠯᠭ᠎ᠠ ᠶᠢ ᠳᠦᠰᠦᠬᠡᠯᠡᠨ ᠪᠣᠳᠣᠬᠤ ᠪᠠ | ᠵᠢᠬᠡᠯᠡᠯᠬᠡ ᠶᠢᠨ ᠳᠡᠮᠳᠡᠭᠲᠣ ᠶᠢ ᠬᠡᠷᠬᠢᠨ ᠭᠤᠶᠣᠴᠢᠯᠠᠨ ᠮᠡᠳᠡᠬᠦᠯᠬᠦ ᠳᠣᠬᠠᠢ ᠳᠠᠶᠢᠯᠦᠮᠵᠢ ᠬᠢᠯᠬᠡᠭᠰᠡᠨ ᠪᠠᠶᠢᠨ᠎ᠠ᠃ | ᠬᠤᠷᠠᠯ ᠠᠴᠠ ᠵᠢᠭᠠᠬᠤ ᠳᠠᠭᠠᠨ᠂ 2020 ᠣᠨ ᠤ ᠣᠷᠣᠨ ᠨᠣᠳᠤᠭ ᠤᠨ ᠵᠠᠰᠠᠭ ᠤᠨ ᠣᠷᠳᠣᠨ ᠤ ᠵᠢᠬᠡᠯᠡᠯᠬᠡ | ᠶᠢᠨ ᠳᠡᠮᠳᠡᠭᠲᠣ ᠶᠢᠨ ᠠᠵᠢᠯ ᠪᠣᠯ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ | ᠰᠢᠨ᠎ᠡ ᠳᠣᠬᠢᠶᠠᠯ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠡᠬᠦᠷᠬᠡ ᠴᠢᠳᠠᠪᠣᠷᠢ ᠳᠠᠭᠠᠨ ᠰᠠᠭᠤᠷᠢᠯᠠᠵᠦ | ᠰᠢᠨᠵᠢᠯᠡᠬᠦ ᠣᠬᠠᠭᠠᠨᠴᠢ ᠪᠠᠷ ᠳᠦᠯᠦᠪᠯᠡᠨ ᠭᠤᠣᠯᠳᠠᠯᠭᠠᠲᠣ ᠲᠦᠷᠦᠯ ᠵᠦᠢᠯ ᠢ ᠠᠬᠢᠭᠤᠯᠬᠤ ᠠᠵᠢᠯ ᠢ ᠰᠠᠶᠢᠳᠣᠷ ᠬᠢᠬᠦ | ᠬᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ 2020 ᠣᠨ ᠳᠤ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ | ᠤ ᠵᠢᠬᠡᠯᠡᠯᠬᠡ ᠶᠢᠨ ᠳᠡᠮᠳᠡᠭᠲᠦ ᠶᠢᠨ ᠳᠦᠷᠦᠯ ᠵᠦᠢᠯ ᠤᠨ ᠣᠷᠣᠭᠤᠯᠣᠯᠲᠠ ᠶᠢᠨ ᠬᠠᠨᠳᠣᠰᠢ ᠨᠢ ᠣᠯᠣᠰ᠂ | ᠦᠪᠡᠷᠳᠡᠭᠡᠨ ᠵᠠᠰᠠᠬᠤ ᠣᠷᠣᠨ ᠪᠠ ᠬᠤᠳᠠ ᠶᠢᠨ ᠱᠠᠳᠣᠨ ᠤ ᠨᠡᠶᠢᠳᠡ ᠶᠢᠨ ᠠᠰᠠᠷᠠᠮᠵᠢ ᠶᠢᠨ ᠳᠦᠷᠦᠯ ᠵᠦᠢᠯ ᠤᠨ | ᠱᠠᠭᠠᠷᠳᠠᠯᠭ᠎ᠠ ᠲᠠᠢ ᠨᠠᠶᠢᠴᠡᠵᠦ ᠮᠠᠨ ᠤ ᠬᠤᠰᠢᠭᠤᠨ ᠤ ᠪᠣᠳᠠᠳᠠᠢ ᠬᠡᠷᠡᠭᠴᠡᠭᠡ ᠶᠣᠰᠣᠭᠠᠷ 2020 ᠣᠨ ᠤ ᠵᠠᠰᠠᠭ | ᠤᠨ ᠣᠷᠳᠣᠨ ᠤ ᠪᠡᠯᠡ ᠣᠷᠣᠭᠤᠯᠣᠯᠲᠠ ᠶᠢᠨ ᠳᠦᠷᠦᠯ ᠵᠦᠢᠯ ᠠᠴᠠ ᠬᠠᠨᠳᠣᠯᠭᠠᠲᠣ ᠴᠢᠨᠠᠷ ᠲᠠᠢ ᠪᠠᠷ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠣᠯᠬᠤ᠂ ᠰᠣᠷᠭᠠᠨ ᠬᠦᠮᠦᠵᠢᠯ᠂ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ᠂ | ᠵᠠᠮ ᠬᠠᠷᠢᠯᠴᠠᠭᠠᠨ ᠤ ᠰᠠᠭᠤᠷᠢ ᠳᠦᠬᠦᠭᠡᠷᠦᠮᠵᠢ᠂ ᠳᠠᠷᠢᠶᠠᠯᠠᠩ ᠣᠢ ᠰᠢᠭᠤᠢ ᠣᠰᠣ ᠵᠡᠷᠭᠡ ᠨᠡᠶᠢᠬᠡᠮ ᠤᠨ ᠠᠰᠠᠷᠠᠮᠵᠢ | ᠶᠢᠨ ᠳᠦᠷᠦᠯ ᠵᠦᠢᠯ ᠢ ᠰᠣᠩᠭᠤᠬᠤ ᠬᠡᠷᠡᠭᠲᠡᠢ᠃ ᠬᠠᠮᠢᠶᠠᠷᠣᠯᠳᠠ ᠪᠠᠨ ᠴᠢᠩᠭᠠᠳᠬᠠᠵᠦ ᠵᠢᠬᠡᠯᠡᠯᠭᠡ ᠶᠢᠨ ᠳᠡᠮᠳᠡᠭᠲᠣ | ᠶᠢᠨ ᠠᠰᠢᠭ ᠣᠷᠣᠯᠭ᠎ᠠ ᠶᠢ ᠳᠣᠪᠣᠶᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ | ᠨᠢᠬᠡᠴᠢ ᠪᠠ ᠳᠦᠷᠦᠯ ᠵᠦᠢᠯ ᠢ ᠭᠤᠣᠯᠯᠠᠨ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ ᠤᠨ ᠬᠢᠨ ᠪᠡᠯᠡᠳᠬᠡᠯ ᠠᠵᠢᠯ ᠢ | ᠪᠠᠳᠣᠳᠠᠢ ᠬᠢᠵᠦ ᠪᠦᠬᠦ ᠬᠤᠰᠢᠭᠤᠨ ᠤ ᠠᠵᠣ ᠠᠬᠤᠢ ᠶᠢᠨ ᠬᠦᠭᠵᠢᠯᠳᠡ ᠶᠢ ᠠᠬᠢᠭᠤᠯᠬᠤ ᠡᠬᠦᠳᠡᠨ ᠠᠴᠠ ᠦᠵᠡᠯ | ᠰᠠᠨᠠᠭ᠎ᠠ ᠪᠠᠨ ᠣᠯᠠᠮ ᠨᠢᠬᠡ ᠠᠯᠬᠤᠮ ᠨᠢᠬᠡᠳᠬᠡᠵᠦ ᠠᠵᠢᠯ ᠤᠨ ᠰᠡᠳᠬᠢᠮᠵᠢ ᠪᠠᠨ ᠰᠢᠨᠡᠳᠬᠡᠨ ᠵᠢᠬᠡᠯᠡᠯᠬᠡ ᠶᠢᠨ | ᠳᠡᠮᠳᠡᠭᠲᠣ ᠶᠢᠨ ᠪᠡᠯᠡ ᠮᠦᠩᠬᠦ ᠶᠢ ᠭᠤᠶᠣᠴᠢᠯᠠᠨ ᠮᠡᠳᠡᠬᠦᠯᠬᠦ ᠡᠯ᠎ᠡ ᠭᠤᠭᠴᠣᠭᠠᠨ ᠤ ᠠᠵᠢᠯ ᠢ ᠨᠠᠷᠢᠯᠢᠭ ᠪᠦᠲᠦᠮᠵᠢᠲᠡᠢ | ᠬᠢᠬᠦ ᠶᠢ ᠪᠠᠳᠣᠯᠠᠵᠦ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ ᠪᠠᠳᠣ ᠪᠠᠬᠢ ᠪᠠᠳᠣᠯᠠᠭ᠎ᠠ ᠬᠠᠩᠭᠠᠬᠤ ᠬᠡᠷᠡᠭᠲᠡᠢ | ᠬᠡᠪᠡ᠃ |