ᠭᠠᠯ ᠤᠨ ᠠᠶᠤᠯ ᠠᠮᠠᠷᠬᠠᠨ ᠡᠭᠦᠰᠬᠦ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠮᠠᠨ | ᠤ ᠬᠤᠰᠢᠭᠤ ᠣᠨᠣᠯ ᠦᠢᠯᠡᠳᠦᠯᠭᠡ ᠶᠢ ᠤᠶᠠᠯᠳᠤᠭᠤᠯᠤᠨ ᠪᠣᠯᠪᠠᠰᠤᠷᠠᠯ ᠰᠣᠷᠢᠯᠲᠠ ᠬᠢᠵᠦ ᠣᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠵᠤ ᠪᠠᠶᠢᠨ᠎ᠠ᠃ ᠣᠶᠢᠷ᠎ᠠ ᠶᠢᠨ ᠡᠳᠦᠷ | ᠰᠢᠷᠬᠤᠰᠣᠨ ᠪᠠᠯᠭᠠᠰᠤᠨ ᠳᠤ ᠲᠤᠰᠬᠠᠢ ᠰᠡᠲᠤᠪᠲᠤ ᠲᠠᠶᠢᠯᠤᠮᠵᠢ ᠬᠢᠵᠦ ᠲᠠᠶᠢᠯᠤᠮᠵᠢ ᠳᠤ ᠲᠤᠰᠬᠠᠢ ᠮᠡᠷᠭᠡᠵᠢᠯᠲᠡᠨ | ᠢᠨᠵᠧᠨᠧᠷ ᠠᠴᠠ ᠭᠠᠯ ᠤᠨ ᠠᠶᠤᠯ ᠠᠴᠠ ᠬᠡᠷᠬᠢᠨ ᠰᠡᠷᠭᠡᠶᠢᠯᠡᠬᠦ ᠪᠠ ᠭᠠᠯ ᠤᠨ ᠠᠶᠤᠯ ᠡᠭᠦᠰᠦᠭᠰᠡᠨ ᠤ ᠳᠠᠷᠠᠭ᠎ᠠ | ᠬᠡᠷᠬᠢᠨ ᠵᠥᠪ ᠣᠨᠣᠪᠴᠢᠲᠠᠢ ᠠᠪᠤᠷᠠᠯᠲᠠ ᠬᠠᠮᠠᠭᠠᠯᠠᠯᠲᠠ ᠶᠢᠨ ᠠᠵᠢᠯ ᠢ ᠥᠷᠨᠢᠭᠦᠯᠬᠦ ᠲᠤᠬᠠᠢ ᠨᠠᠷᠢᠨ ᠲᠣᠳᠣᠷᠬᠠᠢ | ᠲᠠᠶᠢᠯᠪᠤᠷᠢᠯᠠᠵᠦ ᠡᠯ᠎ᠡ ᠭᠠᠴᠠᠭ᠎ᠠ ᠲᠣᠰᠬᠤᠨ ᠤ ᠺᠠᠳ᠋ᠷ ᠠᠵᠢᠯᠲᠠᠨ ᠵᠢᠴᠢ ᠣᠢ ᠰᠢᠭᠤᠢ ᠶᠢᠨ ᠬᠠᠮᠠᠭᠠᠯᠠᠭᠴᠢ ᠶᠢ | ᠪᠠᠭᠲᠠᠭᠠᠭᠰᠠᠨ ᠵᠠᠭᠤ ᠳᠠᠯᠠᠭᠠᠳ ᠬᠥᠮᠥᠨ ᠣᠷᠣᠯᠴᠠᠪᠠ᠃ | ᠬᠠᠪᠤᠷ ᠤᠨ ᠤᠯᠠᠷᠢᠯ ᠬᠠᠩᠰᠢ ᠶᠢᠨ ᠡᠳᠦᠷ ᠢ ᠳᠠᠭᠠᠯᠳᠤᠨ ᠭᠠᠯ ᠤᠨ ᠠᠶᠤᠯ ᠠᠮᠠᠷᠬᠠᠨ ᠡᠭᠦᠰᠴᠦ ᠮᠡᠳᠡᠬᠦ | ᠠᠶᠤᠯᠲᠠᠢ ᠬᠤᠭᠤᠴᠠᠭᠠᠨ ᠳᠤ ᠣᠷᠣᠳᠠᠭ᠃ ᠶᠠᠭ ᠡᠨᠡᠬᠦ ᠪᠠᠶᠢᠳᠠᠯ ᠳᠤ ᠬᠠᠨᠳᠤᠭᠤᠯᠤᠨ ᠮᠠᠨ ᠤ ᠬᠤᠰᠢᠭᠤ ᠡᠯ᠎ᠡ ᠰᠤᠮᠤ | ᠪᠠᠯᠭᠠᠰᠤᠨ ᠤ ᠺᠠᠳ᠋ᠷ ᠠᠵᠢᠯᠲᠠᠨ ᠵᠢᠴᠢ ᠣᠢ ᠰᠢᠭᠤᠢ ᠶᠢᠨ ᠬᠠᠮᠠᠭᠠᠯᠠᠭᠴᠢ ᠳᠤ ᠮᠡᠳᠡᠯᠭᠡ ᠶᠢᠨ ᠪᠣᠯᠪᠠᠰᠤᠷᠠᠯ ᠪᠣᠯᠣᠨ | ᠴᠢᠳᠠᠪᠤᠷᠢ ᠶᠢᠨ ᠰᠣᠷᠢᠯᠲᠠ ᠬᠢᠵᠦ ᠲᠡᠳᠡᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠶᠢᠨ ᠬᠠᠮᠲᠤ ᠮᠠᠯᠴᠢᠨ ᠲᠠᠷᠢᠶᠠᠴᠢᠨ ᠤ ᠳᠤᠮᠳᠠᠬᠢ ᠤᠬᠠᠭᠤᠯᠭ᠎ᠠ ᠶᠢᠨ ᠠᠵᠢᠯ ᠢ ᠴᠢᠩᠭᠠᠳᠬᠠᠵᠤ | ᠪᠠᠶᠢᠨ᠎ᠠ᠃ |