ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ 3 ᠰᠠᠷ᠎ᠠ ᠶᠢᠨ 26 ᠤ | ᠡᠳᠦᠷ᠂ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠬᠤ ᠬᠠᠮᠲᠤᠷᠠᠭᠰᠠᠨ ᠵᠢᠷᠭᠤᠳᠤᠭᠠᠷ | ᠳᠤᠭᠤᠶᠢᠯᠠᠩ ᠠᠴᠠ ᠮᠠᠨ ᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠠᠯᠳᠠ ᠶᠢᠨ ᠵᠥᠪᠯᠡᠯ᠂ ᠠᠵᠤ ᠦᠶᠯᠡᠳᠪᠦᠷᠢ | ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠤᠪᠴᠢᠶ᠎ᠠ ᠳᠤ ᠲᠤᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ | ᠬᠤᠷᠠᠯᠳᠤᠪᠠ᠃ ᠬᠤᠷᠠᠯ ᠠᠴᠠ ᠡᠮᠦᠨ᠎ᠡ ᠬᠤᠲᠠ ᠶᠢᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ | ᠬᠡᠷ ᠤᠨ ᠲᠡᠳ᠋ ᠡᠷᠬᠢᠯᠡᠭᠴᠢ ᠵᠢᠶᠤᠤ ᠳ᠋ᠠᠩ ᠱᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠳᠠᠷᠤᠭ᠎ᠠ ᠵᠣᠣ ᠹᠸᠢ ᠯᠦ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠭᠢᠨᠠᠨ ᠪᠠᠶᠢᠴᠠᠭᠠᠬᠤ | ᠵᠥᠪᠯᠠᠯ ᠤᠨ ᠡᠷᠬᠢᠯᠡᠭᠴᠢ ᠯᠠᠨ ᠲᠢᠶᠠᠨ ᠵᠢᠴᠢ ᠲᠤᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠭᠤᠤᠯ ᠬᠠᠷᠢᠭᠤᠴᠠᠯᠭᠠᠲᠠᠨ ᠲᠠᠢ ᠠᠭᠤᠯᠵᠠᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠠᠢ᠃ ᠲᠠᠶᠢᠴᠢᠯᠠᠯᠳᠠ | ᠶᠢᠨ ᠬᠤᠷᠠᠯ ᠳᠡᠭᠡᠷ᠎ᠡ ᠬᠤᠳᠠ ᠶᠢᠨ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠬᠤ ᠬᠠᠮᠲᠤᠷᠠᠭᠰᠠᠨ | ᠵᠢᠷᠭᠤᠳᠤᠭᠠᠷ ᠳᠤᠭᠤᠶᠢᠯᠠᠩ ᠤᠨ ᠳᠠᠷᠤᠭ᠎ᠠ ᠹᠧᠩ ᠱᠤ᠋ ᠯᠢᠨ ᠲᠤᠭᠤᠷᠢᠨ ᠪᠠᠶᠢᠴᠠᠭᠠᠬᠤ ᠡᠭᠦᠷᠭᠡ ᠪᠣᠯᠤᠨ ᠠᠵᠢᠯ ᠤᠨ | ᠲᠤᠬᠢᠷᠠᠭᠤᠯᠤᠯᠳᠠ ᠶᠢ ᠮᠡᠳᠡᠭᠳᠡᠵᠦ ᠵᠢᠶᠤᠤ ᠳ᠋ᠠᠩ ᠱᠧᠩ ᠲᠤᠰᠬᠠᠢ ᠲᠣᠭᠤᠷᠢᠨ ᠪᠠᠶᠢᠴᠠᠭᠠᠬᠤ ᠡᠭᠦᠷᠭᠡ ᠶᠢ | ᠨᠠᠶᠢᠳᠠᠪᠤᠷᠢᠵᠢᠭᠤᠯᠬᠤ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠠᠵᠢᠯ ᠲᠠᠢ ᠬᠠᠮᠵᠢᠯᠴᠠᠬᠤ ᠲᠤᠬᠠᠢ | ᠱᠠᠭᠠᠷᠳᠠᠯᠭ᠎ᠠ ᠳᠤᠷᠠᠳᠴᠠᠢ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠵᠦ | ᠲᠤᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠣᠪᠣᠷ ᠢᠶᠠᠨ | ᠢᠯᠡᠳᠬᠡᠬᠦ ᠦᠭᠡ ᠶᠠᠷᠢᠪᠠ᠃ | ᠣᠷᠳᠣᠰ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠬᠤ ᠬᠠᠮᠲᠤᠷᠠᠭᠰᠠᠨ | ᠵᠢᠷᠭᠤᠳᠤᠭᠠᠷ ᠳᠤᠭᠤᠶᠢᠯᠠᠩ ᠤᠨ ᠳᠡᠳ᠋ ᠳᠠᠷᠤᠭ᠎ᠠ ᠺᠠᠩ ᠶᠦᠩ᠂ ᠬᠤᠤ ᠵᠢᠶᠠᠨ ᠵᠢᠶᠦ᠋ᠨ ᠵᠢᠴᠢ ᠲᠤᠭᠤᠷᠢᠨ | ᠪᠠᠶᠢᠴᠠᠭᠠᠬᠤ ᠳᠤᠭᠤᠶᠢᠯᠠᠩ ᠤᠨ ᠪᠥᠬᠦ ᠪᠦᠷᠢᠯᠳᠦᠬᠦᠨ ᠨᠡᠷ ᠲᠤᠭᠤᠷᠢᠨ ᠪᠠᠶᠢᠴᠠᠭᠠᠭᠳᠠᠬᠤ ᠨᠠᠮ ᠤᠨ ᠤᠳᠤᠷᠢᠳᠬᠤ | ᠳᠤᠭᠤᠶᠢᠯᠠᠩ ᠤᠨ ᠤᠳᠤᠷᠢᠳᠬᠤ ᠪᠠᠭ ᠪᠣᠯᠤᠨ ᠬᠠᠷᠢᠶ᠎ᠠ ᠨᠢᠭᠡᠴᠢ ︵ᠳᠣᠲᠣᠭᠠᠳᠤ ᠪᠠᠶᠢᠭᠤᠯᠤᠮᠵᠢ︶ ᠶᠢᠨ | ᠬᠠᠷᠢᠭᠤᠴᠠᠯᠭᠠᠲᠠᠨ᠂ ᠬᠤᠯᠪᠤᠭᠳᠠᠯ ᠪᠥᠬᠦᠶ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ | ᠵᠢᠴᠢ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠪᠠ᠃ | | | | | | | ᠵᠢᠶᠤᠤ ᠳ᠋ᠠᠩ ᠱᠧᠩ ᠵᠢᠭᠠᠵᠤ ᠭᠠᠷᠭᠠᠭᠰᠠᠨ ᠨᠢ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠬᠤᠲᠠ ᠶᠢᠨ ᠨᠠᠮ ᠤᠨ ᠬᠤᠷᠢᠶ᠎ᠠ᠂ ᠨᠠᠭᠦᠷᠠᠰᠤᠨ ᠤ | ᠡᠬᠢ ᠪᠠᠶᠠᠯᠢᠭ ᠤᠨ ᠬᠦᠷᠢᠶᠠᠨ ᠳᠤ ᠬᠤᠯᠪᠤᠭᠳᠠᠬᠤ 8 ᠬᠤᠰᠢᠭᠤ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ | ᠲᠤ ᠲᠤᠰᠬᠠᠶ ᠲᠤᠭᠤᠷᠢᠨ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ | ᠤ ᠨᠠᠮ ᠤᠨ ᠬᠤᠷᠢᠶᠠᠨ ᠤ ᠨᠡᠭᠦᠷᠡᠰᠦᠨ ᠤ ᠡᠭᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠲᠤᠰᠬᠠᠶ ᠲᠣᠭᠤᠷᠢᠨ | ᠪᠠᠶᠢᠴᠠᠭᠠᠯᠳᠠ ᠶᠢᠨ ᠬᠠᠮᠲᠤᠷᠠᠨ ᠬᠥᠳᠡᠯᠦᠯᠴᠡᠬᠦ ᠱᠠᠭᠠᠷᠳᠠᠯᠭ᠎ᠠ ᠶᠢ ᠲᠤᠭᠤᠰᠢᠯᠠᠭᠤᠯᠬᠤ ᠪᠣᠳᠠᠲᠠᠶ ᠠᠷᠭ᠎ᠠ ᠬᠡᠮᠵᠢᠶ᠎ᠡ | ᠪᠤᠯᠬᠤ ᠪᠥᠭᠡᠳ ᠮᠠᠨ ᠤ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠢᠮ ᠲᠤᠭᠲᠠᠭᠠᠯ | ᠠᠴᠠ ᠵᠥᠷᠢᠴᠡᠭᠰᠡᠨ ᠬᠠᠦᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ | ᠶᠢᠨ ᠴᠢᠬᠤᠯᠠ ᠭᠤᠭᠴᠤᠭ᠎ᠠ ᠮᠥᠨ᠃ ᠦᠦᠰᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠶᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠪᠣᠯᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠥᠷᠥ ᠶᠢᠨ | ᠵᠤᠭᠰᠤᠴᠠ ᠪᠠᠨ ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠂ ᠲᠡᠭᠡᠳᠤ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠨ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠶᠯᠡ | ᠠᠵᠢᠯᠯᠠᠭ᠎ᠠ ᠶᠢᠨ ᠤᠬᠠᠮᠰᠠᠷ ᠢᠶᠠᠨ ᠲᠡᠭᠡᠭᠰᠢᠯᠠᠭᠦᠯᠭᠦ ᠭᠡᠷᠡᠭᠳᠠᠢ᠃ ᠲᠤᠰᠬᠠᠶ ᠲᠤᠭᠤᠷᠢᠨ ᠪᠠᠶᠢᠴᠠᠭᠠᠬᠤ ᠠᠵᠢᠯ ᠤᠨ | ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ | ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠲᠠᠢ ᠬᠠᠮᠵᠢᠯᠴᠠᠬᠤ᠂ ᠲᠤᠭᠤᠷᠢᠨ ᠪᠠᠶᠢᠴᠠᠭᠠᠬᠤ ᠳᠤᠭᠤᠶᠢᠯᠠᠩ | ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠶᠢᠨ ᠬᠠᠮᠲᠤ ᠠᠵᠢᠯ ᠤᠨ ᠪᠠᠶᠢᠳᠠᠯ ᠳᠤ ᠵᠤᠭᠢᠴᠠᠨ ᠳᠠᠷᠤᠶ ᠲᠦᠷᠭᠡᠨ | ᠥᠭᠡᠷᠡᠴᠢᠯᠡᠨ ᠰᠠᠶᠢᠵᠢᠷᠠᠭᠤᠯᠵᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠥᠨᠵᠡᠭᠡᠶᠢᠷᠠᠭᠦᠯᠭᠦ᠂ ᠦᠦᠰᠢᠨ ᠤ | ᠨᠡᠭᠦᠷᠡᠰᠦᠨ ᠤ ᠠᠵᠤ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠳᠠᠲᠠᠶ ᠠᠷᠭ᠎ᠠ ᠪᠠᠷᠢᠯ | ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃ | ᠹᠧᠩ ᠱᠤ᠋ ᠯᠢᠨ ᠲᠣᠭᠤᠷᠢᠨ ᠪᠠᠶᠢᠴᠠᠭᠠᠬᠤ ᠠᠵᠢᠯ ᠪᠣᠯ ᠨᠠᠮ ᠤᠨ ᠲᠦᠷᠢᠮ ᠠᠴᠠ ᠣᠯᠭᠤᠭᠰᠠᠨ ᠴᠢᠬᠤᠯᠠ | ᠡᠭᠦᠷᠭᠡ ᠬᠠᠷᠢᠭᠤᠴᠠᠯᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠦᠨᠳᠦᠰᠦᠨ ᠱᠠᠲᠤᠨ ᠳᠠᠬᠢ ᠦᠷᠭᠦᠯᠵᠢᠯᠡᠯ᠂ | ᠥᠨᠳᠤᠰᠤᠨ ᠱᠠᠲᠤᠨ ᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠬᠤ ᠶᠢᠨ ᠴᠢᠬᠤᠯᠠ ᠠᠷᠭ᠎ᠠ ᠬᠡᠮᠵᠢᠶ᠎ᠡ ᠪᠠ | ᠪᠣᠳᠠᠲᠤ ᠬᠡᠷᠡᠭᠴᠡᠭᠡ ᠮᠥᠨ᠃ ᠬᠤᠲᠠ ᠶᠢᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠤᠭᠤᠶᠢᠯᠠᠩ ᠤᠯᠤᠰ | ᠲᠥᠷᠥ ᠶᠢᠨ ᠲᠤᠭᠤᠷᠢᠨ ᠪᠠᠶᠢᠴᠠᠭᠠᠯᠳᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠲᠡᠭᠡᠳᠤ ᠱᠠᠳᠤᠨ ᠤ | ᠲᠤᠰᠬᠠᠶ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠵᠤ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ 2000 ᠣᠨ ᠠᠴᠠ ᠨᠠᠰᠢᠭᠢ ᠲᠦᠷᠢᠮ ᠲᠤᠭᠲᠠᠭᠠᠯ ᠠᠴᠠ | ᠵᠦᠷᠢᠴᠡᠭᠰᠡᠨ ᠬᠠᠤᠯᠢ ᠠᠴᠠ ᠵᠦᠷᠢᠴᠡᠭᠰᠡᠨ ᠨᠡᠭᠦᠷᠡᠰᠦᠨ ᠤ ᠡᠬᠢ ᠪᠠᠶᠠᠯᠢᠭ ᠢ ᠰᠠᠷᠢᠭᠠᠯᠠᠭᠰᠠᠨ᠂ ᠲᠦᠷᠢᠮ ᠲᠤᠭᠲᠠᠭᠠᠯ | ᠠᠴᠠ ᠵᠦᠷᠢᠴᠡᠭᠰᠡᠨ ᠬᠠᠤᠯᠢ ᠠᠴᠠ ᠵᠦᠷᠢᠴᠡᠭᠰᠡᠨ ᠨᠡᠭᠦᠷᠡᠰᠦᠨ ᠤ ᠡᠬᠢ ᠪᠠᠶᠠᠯᠢᠭ ᠢ ᠲᠤᠭᠢᠷᠠᠭᠤᠯᠤᠭᠰᠠᠨ᠂ | ᠨᠡᠭᠦᠷᠡᠰᠦᠨ ᠳᠤ ᠬᠤᠯᠪᠣᠭᠳᠠᠭᠰᠠᠨ ᠢᠯᠵᠠᠷᠠᠯ ᠤᠨ ᠠᠰᠠᠭᠤᠳᠠᠯ ᠤᠨ ᠤᠯᠤᠰ ᠲᠥᠷᠥ ᠶᠢᠨ ᠠᠮᠢ ᠠᠬᠤᠶ ᠶᠢ ᠬᠦᠨᠳᠦ | ᠨᠣᠴᠢᠲᠠᠶ ᠪᠤᠬᠢᠷᠳᠤᠭᠤᠯᠤᠭᠰᠠᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠠᠰᠠᠭᠤᠳᠠᠯ ᠢ ᠲᠡᠯᠭᠡᠷᠡᠭᠦᠯᠥᠭᠰᠠᠨ | ᠳᠥᠷᠪᠡᠨ ᠲᠠᠯ᠎ᠠ ᠳᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ ᠣᠷᠣᠰᠢᠵᠤ ᠪᠠᠶᠢᠭ᠎ᠠ ᠬᠠᠷᠢᠭᠤᠴᠠᠯᠭ᠎ᠠ ᠶᠢᠨ | ᠠᠰᠠᠭᠤᠳᠠᠯ᠂ ᠣᠪᠣᠷ ᠰᠤᠷᠲᠠᠯ ᠤᠨ ᠠᠰᠠᠭᠤᠳᠠᠯ ᠪᠣᠯᠤᠨ ᠢᠯᠵᠠᠷᠠᠯ ᠤᠨ ᠠᠰᠠᠭᠤᠳᠠᠯ ᠢ ᠭᠦᠨᠵᠡᠭᠡᠶ ᠡᠷᠢᠨ ᠨᠡᠭᠦᠷᠡᠰᠦᠨ | ᠤ ᠡᠬᠢ ᠪᠠᠶᠠᠯᠢᠭ ᠤᠨ ᠬᠦᠷᠢᠶᠡᠨ ᠤ ᠡᠮᠬᠢ ᠳᠢᠭᠯᠢᠮ ᠢ ᠵᠢᠷᠤᠮᠵᠢᠭᠤᠯᠬᠤ᠂ ᠠᠶᠤᠯ ᠲᠥᠭᠰᠢᠭᠦᠷᠢ ᠶᠢ ᠠᠷᠢᠯᠭᠠᠬᠤ᠂ | ᠤᠯᠤᠰ ᠲᠦᠷᠦ ᠶᠢᠨ ᠠᠮᠢ ᠠᠬᠤᠢ ᠶᠢ ᠰᠡᠷᠭᠦᠭᠡᠬᠦ᠂ ᠵᠠᠰᠠᠯᠲᠠ ᠶᠢᠨ ᠴᠢᠳᠠᠪᠤᠷᠢ ᠶᠢ ᠲᠡᠭᠡᠭᠰᠢᠯᠠᠭᠦᠯᠭᠦ ᠪᠤᠯᠤᠨ ᠠᠮᠢ | ᠠᠬᠤᠢ ᠶᠢ ᠤᠷᠢᠳ ᠢᠶᠠᠷ ᠪᠤᠳᠤᠯᠭᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠳᠤ ᠬᠦᠴᠦᠲᠠᠢ ᠤᠯᠤᠰ ᠲᠦᠷᠦ | ᠶᠢᠨ ᠪᠠᠲᠤᠯᠠᠭ᠎ᠠ ᠬᠠᠩᠭᠠᠬᠤ ᠪᠤᠯᠤᠨ᠎ᠠ ᠭᠡᠵᠡᠢ᠃ | ᠮᠠᠨ ᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠤᠯᠠᠭᠠᠨᠪᠠᠭᠠᠲᠤᠷ ᠢᠯᠡᠷᠬᠡᠶᠢᠯᠡᠬᠦ ᠳᠡᠭᠡᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ | ᠲᠦᠷᠢᠮ ᠲᠤᠭᠲᠠᠭᠠᠯ ᠠᠴᠠ ᠵᠦᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ ᠶᠢ ᠲᠥᠪ ᠴᠢᠩᠭ᠎ᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠬᠢᠨᠠᠯᠲᠠ ᠲᠠᠯᠪᠢᠬᠤ ᠪᠠ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠳᠡᠮᠵᠢᠬᠦ | ᠤᠬᠠᠮᠰᠠᠷᠲᠤ ᠴᠢᠨᠠᠷ ᠢᠶᠠᠨ ᠦᠨᠡᠨ ᠬᠦ ᠴᠢᠩᠭ᠎ᠠ ᠠᠳᠬᠤᠵᠤ ᠲᠣᠰ ᠤᠳᠠᠭᠠᠨ ᠤ ᠲᠤᠰᠬᠠᠶ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠭᠤᠤᠯᠳᠠᠯᠭᠠᠲᠤ ᠠᠭᠤᠯᠭ᠎ᠠ ᠶᠢᠨ ᠲᠣᠭᠤᠷᠢᠨ ᠳᠤ ᠣᠷᠣᠰᠢᠵᠤ ᠪᠠᠶᠢᠭ᠎ᠠ ᠤᠯᠤᠰ ᠲᠥᠷᠥ ᠶᠢᠨ | ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠰᠤᠷᠲᠠᠯ ᠤᠨ ᠠᠰᠠᠭᠤᠳᠠᠯ ᠪᠠ ᠢᠯᠵᠠᠷᠠᠯ ᠤᠨ ᠠᠰᠠᠭᠤᠳᠠᠯ ᠢ | ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠡᠷᠢᠵᠦ ᠠᠰᠠᠭᠤᠳᠠᠯ ᠤᠨ ᠡᠬᠡ ᠲᠠᠩᠰᠠ ᠪᠠᠶᠢᠭᠤᠯᠵᠤ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ ᠵᠦᠢᠯ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ | ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠲᠤᠰᠬᠠᠶ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ ᠠᠵᠢᠯ ᠢ ᠠᠮᠵᠢᠯᠲᠠ ᠲᠠᠢ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ ᠬᠡᠵᠠᠢ᠃ | ᠮᠠᠨ ᠤ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠠᠭᠠᠲᠤ ᠢᠯᠡᠷᠬᠡᠶᠢᠯᠡᠬᠦ ᠳᠡᠭᠡᠨ᠂ | ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠲᠣᠰ ᠤᠳᠠᠭᠠᠨ ᠤ ᠲᠤᠰᠬᠠᠶ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ ᠢ ᠭᠦᠨᠵᠡᠭᠡᠶ | ᠲᠠᠨᠢᠵᠤ ᠲᠣᠭᠤᠷᠢᠨ ᠪᠠᠶᠢᠴᠠᠭᠠᠬᠤ ᠶᠢ ᠬᠦᠯᠢᠶᠡᠨ ᠠᠪᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠪᠠᠨ | ᠦᠨᠡᠨ ᠬᠦ ᠴᠢᠩᠭᠠᠳᠬᠠᠨ᠎ᠠ᠃ ᠲᠣᠰ ᠤᠳᠠᠭᠠᠨ ᠤ ᠲᠤᠰᠬᠠᠶ ᠴᠠᠭᠳᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠶᠢ | ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠪᠥᠬᠦ | ᠬᠦᠴᠦᠨ ᠢᠶᠠᠷ ᠳᠡᠮᠵᠢᠨ ᠢᠳᠡᠪᠬᠢᠲᠠᠢ ᠬᠠᠮᠵᠢᠯᠴᠠᠵᠤ ᠦᠨᠡᠨ ᠢ ᠪᠠᠷᠢᠮᠲᠠᠯᠠᠨ ᠴᠠᠭᠳᠠᠨ ᠪᠠᠶᠢᠴᠠᠭᠠᠬᠤ ᠳᠤᠭᠤᠶᠢᠯᠠᠩ ᠳᠤ | ᠪᠠᠶᠢᠳᠠᠯ ᠢ ᠬᠠᠩᠭᠠᠵᠤ᠂ ᠠᠰᠠᠭᠤᠳᠠᠯ ᠢ ᠲᠤᠰᠬᠠᠵᠤ ᠪᠤᠰᠤᠳᠴᠢ ᠪᠥᠭᠡᠳ ᠲᠥᠪ ᠭᠤᠤᠯᠴᠢ ᠪᠠᠷ ᠰᠠᠨᠠᠯ ᠪᠠ | ᠦᠵᠡᠯᠲᠡ ᠪᠠᠨ ᠳᠤᠷᠠᠳᠴᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠦᠨᠡᠨ ᠪᠣᠳᠠᠲᠠᠶ ᠪᠠᠶᠢᠳᠠᠯ ᠢ ᠣᠶᠢᠯᠠᠭᠠᠵᠤ | ᠪᠣᠳᠠᠲᠠᠶ ᠠᠰᠠᠭᠤᠳᠠᠯ ᠢ ᠣᠯᠵᠤ ᠮᠡᠳᠡᠬᠦ ᠶᠢ ᠦᠨᠡᠨ ᠬᠦ ᠪᠠᠲᠤᠯᠠᠨ᠎ᠠ ᠬᠡᠵᠠᠢ᠃ | ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠵᠣᠣ ᠸᠧᠨ ᠪᠢᠨ ᠢᠯᠡᠷᠬᠡᠶᠢᠯᠡᠬᠦ ᠳᠡᠭᠡᠨ᠂ ᠤᠯᠤᠰ ᠲᠥᠷᠥ ᠶᠢ ᠡᠷᠬᠢᠮᠯᠡᠬᠦ᠂ ᠶᠣᠰᠣ | ᠲᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠡᠷᠬᠢᠮᠯᠡᠬᠦ ᠦᠨᠳᠦᠷᠴᠡ ᠠᠴᠠ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠨ᠎ᠠ᠃ ᠬᠤᠲᠠ ᠶᠢᠨ | ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ | ᠪᠠᠶᠢᠴᠠᠭᠠᠯᠲᠠ ᠶᠢ ᠬᠦᠯᠢᠶᠡᠬᠦ ᠶᠢ ᠨᠢᠭᠡ ᠤᠳᠠᠭᠠᠨ ᠤ ᠥᠪᠡᠷ ᠢ ᠪᠠᠨ ᠡᠷᠭᠢᠴᠡᠭᠦᠯᠦᠨ ᠪᠣᠳᠣᠬᠤ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠬᠤ᠂ ᠪᠠᠶᠢᠭᠠᠯᠢ ᠶᠢᠨ | ᠡᠬᠢ ᠪᠠᠶᠠᠯᠢᠭ ᠤᠨ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠬᠤ ᠲᠣᠬᠢᠶᠠᠯ ᠪᠤᠯᠭᠠᠵᠤ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠤ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠴᠠᠭᠳᠠᠨ ᠪᠠᠶᠢᠴᠠᠭᠠᠬᠤ ᠬᠢᠨᠠᠯᠲᠠ ᠶᠢ ᠬᠦᠯᠢᠶᠡᠬᠦ᠂ ᠴᠠᠭᠳᠠᠨ ᠪᠠᠶᠢᠴᠠᠭᠠᠬᠤ | ᠠᠵᠢᠯ ᠢ ᠳᠡᠮᠵᠢᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠵᠤ ᠳᠡᠭᠡᠳᠦ | ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠴᠠᠭᠳᠠᠨ ᠪᠠᠶᠢᠴᠠᠭᠠᠬᠤ ᠠᠵᠢᠯ ᠳᠤ ᠬᠢᠨᠠᠮᠠᠭᠠᠶ | ᠬᠠᠨᠳᠤᠵᠤ ᠠᠰᠠᠭᠤᠳᠠᠯ ᠢ ᠰᠠᠨᠠᠭ᠋ᠴᠢᠯᠠᠭᠠ ᠠᠴᠠ ᠪᠠᠨ ᠲᠠᠨᠢᠵᠤ ᠠᠪᠴᠤ ᠪᠠᠶᠢᠴᠠᠭᠠᠬᠤ ᠶᠢᠨ ᠳᠠᠭᠠᠤ ᠬᠠᠯᠠᠨ | ᠰᠠᠶᠢᠵᠢᠷᠠᠭᠤᠯᠵᠤ ᠪᠠᠷᠢᠨ ᠬᠡᠷᠡᠭᠵᠢᠬᠦᠯᠵᠤ ᠪᠠᠷᠢᠨ ᠬᠠᠯᠠᠨ ᠰᠠᠶᠢᠵᠢᠷᠠᠭᠤᠯᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ | ᠶᠠᠪᠤᠳᠠᠯ ᠪᠦᠬᠦᠨ ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ | ᠭᠡᠪᠡ᠃ | ᠮᠠᠨ ᠤ ᠬᠤᠰᠢᠭᠤᠨ ᠤ ᠡᠨᠧᠷᠭᠢ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠰᠠᠶᠢᠨᠴᠣᠭᠲᠤ ᠢᠯᠡᠷᠬᠡᠶᠢᠯᠡᠬᠦ ᠳᠡᠭᠡᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ | ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠡᠷᠡᠰ ᠨᠢᠭᠡᠳᠬᠡᠵᠦ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠲᠤᠰᠬᠠᠶ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠶ ᠪᠦᠲᠦᠮᠵᠢᠲᠠᠢ ᠰᠠᠶᠢᠲᠤᠷ ᠠᠳᠬᠤᠨ᠎ᠠ᠃ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠠᠭᠤᠯᠭ᠎ᠠ ᠪᠠᠷ | ᠴᠢᠩᠭ᠎ᠠ ᠭᠤᠤᠯᠳᠠᠭᠤᠯᠵᠤ ᠨᠡᠭᠦᠷᠡᠰᠦᠨ ᠤ ᠡᠬᠢ ᠪᠠᠶᠠᠯᠢᠭ ᠢ ᠲᠦᠷᠢᠮ ᠲᠣᠭᠲᠠᠭᠠᠯ ᠠᠴᠠ ᠵᠦᠷᠢᠴᠡᠨ ᠬᠠᠦᠯᠢ ᠠᠴᠠ | ᠵᠦᠷᠢᠴᠡᠨ ᠳᠣᠭᠢᠷᠠᠭᠤᠯᠤᠭᠰᠠᠨ᠂ ᠨᠡᠬᠦᠷᠡᠰᠦᠨ ᠳᠤ ᠬᠤᠯᠪᠣᠭᠳᠠᠭᠰᠠᠨ ᠢᠯᠵᠠᠷᠠᠯ ᠤᠨ ᠠᠰᠠᠭᠤᠳᠠᠯ ᠤᠨ ᠤᠯᠤᠰ | ᠲᠥᠷᠥ ᠶᠢᠨ ᠠᠮᠢ ᠠᠬᠤᠶ ᠶᠢ ᠬᠦᠨᠳᠦ ᠨᠣᠴᠢᠲᠠᠶ ᠪᠣᠬᠢᠷᠲᠤᠭᠤᠯᠤᠭᠰᠠᠨ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠠᠰᠠᠭᠤᠳᠠᠯ ᠢ ᠳᠡᠯᠭᠡᠷᠡᠭᠦᠯᠦᠭᠰᠡᠨ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠢᠯᠡᠷᠡᠭᠦᠯᠬᠦ ᠪᠠ | ᠴᠡᠭᠴᠡᠯᠡᠨ ᠵᠠᠰᠠᠨ᠎ᠠ᠃ ᠨᠢᠭᠡ ᠠᠭᠤᠷᠬᠠᠶ ᠨᠢ ᠨᠢᠭᠡ ᠳᠠᠩᠰᠠ ᠡᠪᠬᠡᠮᠡᠯ ᠢ ᠪᠡᠶᠡᠯᠡᠭᠦᠯᠵᠦ ᠠᠰᠠᠭᠤᠳᠠᠯ ᠤᠨ | ᠬᠥᠮᠥᠷᠭᠡ ᠪᠠᠨ ᠴᠡᠪᠡᠷᠯᠡᠬᠦ ᠶᠢ ᠦᠨᠡᠨ ᠬᠦ ᠪᠠᠲᠤᠯᠠᠨ᠎ᠠ ᠬᠡᠵᠠᠢ ᠃ | ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠬᠠᠮᠲᠤᠷᠠᠭᠰᠠᠨ ᠵᠢᠷᠭᠤᠳᠤᠭᠠᠷ ᠳᠤᠭᠤᠶᠢᠯᠠᠩ ᠤᠨ ᠴᠠᠭᠳᠠᠨ ᠪᠠᠶᠢᠴᠠᠭᠠᠬᠤ ᠬᠤᠭᠤᠴᠠᠭ᠎ᠠ ᠨᠢ 3 | ᠰᠠᠷ᠎ᠠ ᠶᠢᠨ 26 ᠤ ᠡᠳᠦᠷ — 5 ᠰᠠᠷ᠎ᠠ ᠶᠢᠨ 28 ᠤ ᠡᠳᠦᠷ᠂ ᠵᠢᠵᠢᠭᠦᠷᠯᠡᠬᠦ ᠤᠲᠠᠰᠤ᠄ 0477 — | 7580127᠂ ᠭᠠᠷ ᠤᠲᠠᠰᠤ᠄ 15704863040︔ ᠢᠮᠧᠯ᠄ zxxc6z1@sina.com︔ | ᠰᠢᠤᠳᠠᠨ ᠤ ᠵᠠᠬᠢᠳᠠᠯ ᠤᠨ ᠬᠠᠶᠢᠷᠴᠠᠭ ᠤᠨ ᠭᠠᠵᠠᠷ ᠨᠢ ᠥᠪᠥᠷ ᠮᠣᠩᠭᠤᠯ ᠤᠨ ᠣᠷᠳᠣᠰ ᠬᠤᠲᠠ ᠶᠢᠨ A019 | ᠨᠣᠮᠧᠷᠲᠤ ᠵᠠᠬᠢᠳᠠᠯ ᠤᠨ ᠬᠠᠶᠢᠷᠴᠠᠭ︔ ᠰᠠᠨᠠᠯ ᠬᠤᠷᠢᠶᠠᠬᠤ ᠬᠠᠶᠢᠷᠴᠠᠭ ᠢ ᠪᠠᠶᠢᠭᠤᠯᠤᠭᠰᠠᠨ ᠭᠠᠵᠠᠷ ᠨᠢ ᠦᠤᠰᠢᠨ | ᠬᠤᠰᠢᠭᠤᠨ ᠤ ᠭᠠᠯᠠᠭᠤᠲᠤ ᠪᠠᠯᠭᠠᠰᠤᠨ ᠤ ᠳᠠᠪᠴᠠᠭ ᠵᠠᠮ ︵ᠨᠢᠭᠡᠲᠦᠭᠡᠷ ᠵᠠᠮ︶ ᠤᠨ ᠤᠤᠯ ᠤᠨ ᠵᠡᠪᠰᠡᠭᠲᠦ | ᠬᠦᠴᠦᠨ ᠤ ᠬᠡᠯᠲᠡᠰ ᠤᠨ ᠠᠷᠤ ᠬᠦᠷᠢᠶᠡᠨ ᠤ ᠡᠭᠦᠳᠡᠨ ᠤ ᠳᠡᠷᠭᠡᠳᠡ᠂ ᠬᠤᠰᠢᠭᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ᠂ ᠨᠠᠮ ᠵᠠᠰᠠᠭ ᠤᠨ ᠰᠢᠨ᠎ᠡ | ᠲᠣᠭᠤᠷᠢᠭ ᠤᠨ 2 ᠳ᠋ᠤᠭᠠᠷ ᠨᠣᠮᠧᠷᠲᠤ ᠠᠰᠠᠷ ᠤᠨ ᠡᠭᠦᠳᠡᠨ ᠤ ᠵᠡᠭᠦᠨ ᠲᠠᠯ᠎ᠠ᠂ ᠬᠤᠰᠢᠭᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶᠠᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ᠂ ᠬᠤᠰᠢᠭᠤ ᠡᠨᠧᠷᠭᠢ ᠶᠢᠨ | ᠲᠣᠪᠴᠢᠶᠠᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠡᠳᠦᠷ | ᠪᠦᠷᠢ ᠶᠢᠨ ᠤᠲᠠᠰᠤ ᠬᠦᠯᠢᠶᠡᠨ ᠠᠪᠬᠤ ᠴᠠᠭ ᠨᠢ 8᠄ 30 — 18᠄ 30 ᠪᠣᠯᠤᠨ᠎ᠠ᠃ ᠲᠤᠰᠬᠠᠶ ᠴᠠᠭᠳᠠᠨ | ᠪᠠᠶᠢᠴᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠴᠠᠭᠳᠠᠨ ᠪᠠᠶᠢᠴᠠᠭᠠᠬᠤ ᠳᠤᠭᠤᠶᠢᠯᠠᠩ | ᠭᠤᠤᠯᠳᠠᠭᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠵᠢᠴᠢ ᠪᠦᠷᠢᠯᠳᠦᠬᠦᠨ᠂ ᠬᠠᠷᠢᠶ᠎ᠠ ᠨᠢᠭᠡᠴᠢ | ︵ᠳᠣᠲᠣᠭᠠᠳᠤ ᠪᠠᠶᠢᠭᠤᠯᠤᠮᠵᠢ︶ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠴᠢ ᠪᠤᠰᠤᠳ ᠴᠢᠬᠤᠯᠠ ᠠᠵᠢᠯ | ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠭ᠎ᠠ ᠶᠢ | ᠬᠦᠯᠢᠶᠡᠨ ᠠᠪᠴᠤ ᠰᠢᠢᠳᠪᠦᠷᠢᠯᠡᠨ᠎ᠡ᠂ ᠡᠭᠦᠨ ᠳᠤ ᠭᠤᠤᠯᠳᠠᠭᠤ ᠨᠡᠬᠦᠷᠡᠰᠦᠨ ᠤ ᠡᠬᠢ ᠪᠠᠶᠠᠯᠢᠭ ᠤᠨ ᠬᠦᠷᠢᠶᠠᠨ ᠳᠤ | ᠬᠤᠯᠪᠣᠭᠳᠠᠬᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ | ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ | ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠴᠠᠭᠳᠠᠨ | ᠪᠠᠶᠢᠴᠠᠭᠠᠬᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠣᠯᠤᠨ ᠰᠠᠯᠠᠭ᠎ᠠ ᠮᠦᠴᠢᠷ | ᠠᠴᠠ ᠬᠢᠨᠠᠮᠠᠭᠠᠶ ᠰᠢᠢᠳᠪᠦᠷᠢᠯᠡᠨ᠎ᠡ᠃ | |