ᠪᠥᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-07
     4 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠥᠬᠦ ᠬᠤᠰᠢᠭᠤᠨ  ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠡᠭᠦᠷᠡᠰᠦᠨ ᠤ ᠡᠬᠢ ᠪᠠᠶᠠᠯᠢᠭ  ᠤᠨ ᠬᠦᠷᠢᠶᠡᠨ ᠳᠠᠬᠢ ᠲᠦᠷᠢᠮ ᠲᠤᠭᠲᠠᠭᠠᠯ ᠠᠴᠠ ᠵᠦᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠣᠭᠤᠷᠢᠨ ᠪᠠᠶᠢᠴᠠᠭᠠᠬᠤ ᠬᠠᠮᠲᠤᠷᠠᠨ ᠬᠥᠳᠡᠯᠦᠯᠴᠡᠬᠦ ᠵᠢᠷᠭᠤᠳᠤᠭᠠᠷ ᠳᠤᠭᠤᠶᠢᠯᠠᠩ ᠤᠨ ᠳᠠᠷᠤᠭ᠎ᠠ ᠹᠧᠩ ᠱᠤ᠋ ᠯᠢᠨ ᠨᠠᠷ ᠪᠤᠯᠤᠨ ᠬᠤᠰᠢᠭᠤ ᠨᠡᠭᠦᠷᠡᠰᠦᠨ ᠤ ᠡᠭᠢ ᠪᠠᠶᠠᠯᠢᠭ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠭᠤᠤᠯ ᠴᠣᠭᠴᠠ ᠶᠢᠨ ᠠᠯᠪᠠᠨ ᠬᠡᠷ᠂ ᠬᠢᠨᠠᠯᠲᠠ ᠲᠠᠯᠪᠢᠬᠤ ᠠᠯᠪᠠᠨ ᠬᠡᠷ ᠤᠨ ᠡᠯ᠎ᠡ ᠲᠤᠰᠬᠠᠶ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃
     ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠪᠣᠯᠤᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠨᠡᠭᠦᠷᠡᠰᠦᠨ  ᠤ ᠡᠭᠢ ᠪᠠᠶᠠᠯᠢᠭ ᠤᠨ ᠭᠥᠷᠢᠶᠠᠨ ᠤ ᠲᠤᠰᠬᠠᠶ ᠴᠡᠭᠴᠡᠯᠡᠨ ᠵᠠᠰᠠᠬᠤ ᠠᠵᠢᠯ ᠳᠤ ᠳᠠᠬᠢᠨ ᠲᠣᠬᠢᠷᠠᠭᠤᠯᠤᠯᠲᠠ᠂ ᠪᠠᠶᠢᠷᠢᠯᠠᠭᠤᠯᠤᠯᠲᠠ᠂ ᠨᠠᠶᠢᠳᠠᠪᠤᠷᠢᠵᠢᠭᠤᠯᠤᠯᠲᠠ ᠬᠢᠪᠠ᠃ ᠭᠤᠤᠯ ᠴᠣᠭᠴᠠ ᠶᠢᠨ ᠠᠯᠪᠠᠨ ᠭᠡᠷ ᠤᠨ ᠡᠯ᠎ᠡ ᠲᠤᠰᠬᠠᠶ ᠲᠦᠷᠦᠯ ᠤᠨ ᠳᠤᠭᠤᠶᠢᠯᠠᠩ ᠤᠨ ᠳᠠᠷᠤᠭ᠎ᠠ ᠣᠳᠣᠬᠠᠨ ᠤ ᠡᠯ᠎ᠡ ᠵᠦᠶᠯ ᠤᠨ ᠠᠵᠢᠯ ᠤᠨ ᠠᠬᠢᠴᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠳᠤ ᠬᠠᠷᠢᠭᠤ ᠮᠡᠳᠡᠭᠦᠯᠥᠯᠳᠠ ᠭᠢᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠲᠤᠰᠬᠠᠢ ᠴᠡᠭᠴᠡᠯᠡᠨ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠭᠦᠷᠭᠡᠯᠠᠨ ᠠᠵᠢᠯ ᠤᠨ ᠳᠤᠮᠳᠠ ᠢᠯᠡᠷᠡᠭᠰᠡᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠬᠤᠯᠪᠣᠭᠠᠯᠠᠨ ᠬᠥᠳᠡᠯᠦᠯᠴᠡᠭᠰᠡᠨ᠂ ᠵᠤᠬᠢᠴᠠᠭᠤᠯᠤᠨ ᠠᠭᠢᠭᠤᠯᠤᠭᠰᠠᠨ᠂ ᠨᠢᠭᠡᠳᠦᠯᠲᠡᠢ ᠥᠨᠳᠥᠷ ᠪᠦᠲᠦᠮᠵᠢᠲᠡᠢ ᠪᠠᠶᠢᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠢᠭᠰᠠᠭᠠᠨ ᠪᠠᠶᠢᠴᠠᠭᠠᠬᠤ ᠠᠬᠢᠴᠠ ᠶᠢ ᠲᠦᠷᠭᠡᠳᠬᠡᠵᠦ ᠵᠢᠭᠰᠠᠭᠠᠨ ᠪᠠᠶᠢᠴᠠᠭᠠᠬᠤ ᠡᠭᠦᠷᠭᠡ ᠶᠢᠨ ᠲᠥᠯᠥᠪᠯᠡᠭᠡ ᠶᠢᠨ ᠬᠦᠰᠦᠨᠦᠭᠲᠦ  ᠶᠢ ᠲᠤᠭᠢᠷᠠᠭᠤᠯᠤᠨ ᠭᠤᠤᠯᠳᠠᠯᠭ᠎ᠠ ᠲᠠᠢ ᠵᠠᠩᠭᠢᠯᠠᠭ᠎ᠠ ᠶᠢᠨ ᠠᠰᠠᠭᠤᠳᠠᠯ ᠢ ᠰᠢᠢᠳᠪᠤᠷᠢᠯᠠᠨ ᠡᠭᠦᠷᠭᠡ ᠪᠠᠨ ᠬᠤᠭᠤᠴᠠᠭ᠎ᠠ ᠶᠣᠰᠣᠭᠠᠷ  ᠪᠡᠶᠡᠯᠡᠭᠦᠯᠬᠦ  ᠬᠡᠷᠡᠭᠲᠡᠶ᠃ ᠠᠵᠢᠯ ᠤᠨ ᠠᠷᠭ᠎ᠠ ᠪᠠᠨ ᠰᠢᠯᠢᠳᠡᠭᠵᠢᠭᠦᠯᠵᠦ ᠲᠠᠷᠢᠭᠦᠨ ᠤ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ ᠠᠵᠢᠯ ᠤᠨ ᠦᠷ᠎ᠡ ᠪᠥᠳᠥᠮᠵᠢ ᠶᠢ ᠲᠡᠭᠡᠭᠰᠢᠯᠠᠭᠦᠯᠭᠦ ᠬᠡᠷᠡᠭᠲᠡᠢ᠃ ᠠᠰᠠᠭᠤᠳᠠᠯ ᠤᠨ ᠭᠥᠮᠤᠷᠭᠡ ᠶᠢ ᠲᠥᠷᠤᠯ ᠬᠤᠪᠢᠶᠠᠨ ᠪᠠᠶᠢᠭᠤᠯᠵᠤ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ  ᠪᠠᠷ ᠵᠢᠭᠰᠠᠭᠠᠨ ᠡᠮᠭᠢᠯᠠᠵᠤ ᠰᠢᠢᠳᠪᠤᠷᠢᠯᠠᠭᠦ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠶᠳᠪᠦᠷᠢᠯᠡᠬᠦ ᠶᠢ ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ ᠵᠢᠭᠰᠠᠭᠠᠨ ᠪᠠᠶᠢᠴᠠᠭᠠᠬᠤ ᠶᠢᠨ ᠳᠠᠭᠠᠤ ᠪᠠᠶᠢᠳᠠᠯ ᠢ ᠣᠶᠢᠯᠠᠭᠠᠬᠤ᠂ ᠠᠰᠠᠭᠤᠳᠠᠯ ᠢ ᠢᠯᠡᠷᠡᠭᠦᠯᠬᠦ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ ᠠᠰᠠᠭᠤᠳᠠᠯ ᠢ ᠤᠷᠭᠢᠭᠳᠠᠭᠤᠯᠤᠯ ᠥᠬᠡᠶ ᠢᠯᠡᠷᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠬᠠᠮᠵᠢᠯᠴᠠᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠤᠯᠪᠣᠭᠳᠠᠯ ᠪᠥᠬᠦᠶ ᠠᠵᠢᠯ ᠢ ᠴᠠᠭ ᠲᠤᠬᠠᠶ ᠳᠤ ᠨᠢ ᠣᠨᠣᠪᠴᠢᠲᠠᠶ᠂ ᠪᠥᠬᠦ ᠲᠠᠯ᠎ᠠ  ᠪᠠᠷ ᠪᠤᠰᠤᠳᠴᠢ ᠪᠠᠷ ᠤᠶᠢᠯᠠᠭᠠᠬᠤ ᠶᠢ ᠪᠠᠳᠤᠯᠠᠨ ᠲᠤᠰᠬᠠᠶ ᠴᠡᠭᠴᠡᠯᠡᠨ ᠵᠠᠰᠠᠬᠤ ᠠᠵᠢᠯ ᠢ ᠠᠮᠵᠢᠯᠳᠠ ᠲᠠᠢ ᠪᠠᠶᠠᠯᠠᠭᠦᠯᠭᠦ ᠪᠠᠷ ᠴᠢᠷᠮᠠᠶᠢᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号