ᠪᠦᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠠᠵᠢᠯ ᠤᠨ ᠤᠳᠤᠷᠢᠳᠬᠤ ᠳᠤᠭᠤᠶᠢᠯᠠᠩ ᠤᠨ 8 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-07
     4 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠬᠤᠰᠢᠭᠤᠨ  ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠠᠵᠢᠯ ᠤᠨ ᠤᠳᠤᠷᠢᠳᠬᠤ ᠳᠤᠭᠤᠶᠢᠯᠠᠩ ᠤᠨ 8 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠲᠡᠭᠡᠷᠡᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠤᠳᠤᠯᠤᠨ ᠪᠠᠶᠢᠷᠢᠯᠠᠭᠤᠯᠬᠤ ᠦᠶ᠎ᠡ ᠶᠢᠨ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠠᠵᠢᠯ ᠤᠨ ᠤᠳᠤᠷᠢᠳᠬᠤ ᠳᠤᠭᠤᠶᠢᠯᠠᠩ   ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ ᠲᠠᠷᠠᠭᠠᠴᠢ ᠶᠢᠨ ᠠᠯᠬᠤᠮ  ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠠᠭᠠᠭᠠᠴᠢᠯᠠᠨ ᠬᠠᠷᠢᠯᠴᠠᠬᠤ ᠭᠢᠨᠠᠨ ᠵᠢᠯᠣᠭᠤᠳᠬᠤ ᠲᠤᠭᠤᠶᠢᠯᠠᠩ ᠤᠨ ᠳᠠᠷᠤᠭ᠎ᠠ ᠮᠠ᠊ ᠭᠠᠷᠤᠳᠠᠢ ᠪᠤᠯᠤᠨ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠶ᠃
     ᠡᠷᠳᠡᠨᠢᠪᠢᠯᠢᠭ ᠬᠤᠷᠠᠯ ᠲᠡᠭᠡᠷ᠎ᠡ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠶ ᠰᠠᠶᠢᠲᠤᠷ ᠠᠳᠬᠤᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠷᠤᠵᠤ ᠢᠷᠠᠭᠦ ᠶᠢ ᠴᠢᠩᠭ᠎ᠠ ᠰᠠᠷᠭᠡᠶᠢᠯᠠᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ᠂ ᠭᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ ᠰᠤᠷᠭᠠᠭᠤᠯᠢ ᠡᠭᠢᠯᠠᠨ ᠬᠢᠴᠢᠶᠡᠯ ᠰᠡᠷᠭᠦᠭᠡᠬᠦ ᠪᠡᠯᠡᠳᠬᠡᠯ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠠ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠶᠢ ᠳᠣᠭᠢᠷᠠᠭᠤᠯᠬᠤ ᠵᠡᠷᠭᠡ ᠠᠵᠢᠯ ᠢ ᠰᠠᠶᠢᠨ ᠭᠢᠭᠦ ᠭᠡᠷᠡᠭᠳᠠᠢ᠃ ᠬᠥᠭᠵᠢᠯᠲᠡ ᠶᠢ ᠠᠭᠢᠭᠤᠯᠤᠨ ᠬᠦᠴᠢᠷ ᠢ ᠲᠠᠪᠠᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠬᠡᠪ ᠤᠨ ᠥᠢᠯᠡᠳᠪᠤᠷᠢᠯᠠᠯ ᠠᠮᠢᠳᠤᠷᠠᠯ ᠤᠨ ᠡᠮᠬᠢ ᠵᠢᠷᠤᠮ ᠢ ᠪᠦᠬᠦ ᠲᠠᠯ᠎ᠠ  ᠪᠠᠷ ᠰᠡᠷᠭᠦᠭᠡᠵᠦ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠴᠢᠬᠤᠯᠠ ᠶᠡᠭᠡ ᠲᠦᠷᠦᠯ ᠵᠥᠢᠯ ᠤᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠢᠩᠭᠠᠳᠬᠠᠨ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠳᠦᠯᠦᠨ ᠳᠠᠭᠠᠭᠤᠯᠵᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠠᠶᠠᠯᠠᠭᠦᠯᠭᠦ ᠭᠡᠷᠡᠭᠳᠠᠢ ᠭᠡᠵᠡᠢ᠃      ᠡᠷᠳᠡᠨᠢᠪᠢᠯᠢᠭ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠬᠦ ᠲᠤᠬᠠᠢ ᠴᠢᠬᠤᠯᠠᠴᠢᠯᠠᠭᠰᠠᠨ ᠨᠢ᠂ ᠵᠠᠪᠠᠯ ᠢᠯᠠᠬᠤ ᠢᠲᠡᠭᠡᠯ ᠵᠣᠷᠢᠭ ᠪᠠ ᠡᠷᠡᠰ ᠵᠣᠷᠢᠭ ᠭᠠᠷᠭᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ︽ᠰᠡᠭᠦᠯ ᠬᠤᠷᠢᠶᠠᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢᠶᠠᠷ ᠣᠳᠣᠬᠠᠨ ᠤ ᠬᠠᠪᠤᠷ ᠤᠨ ᠰᠡᠷᠭᠡᠶᠢᠯᠡᠯᠲᠡ ᠶᠢᠨ ᠪᠠᠶᠢᠳᠠᠯ ᠢ ᠲᠣᠳᠣᠷᠬᠠᠢ ᠲᠠᠨᠢᠵᠤ ᠬᠦᠴᠢᠷ ᠪᠡᠷᠬᠡᠰᠢᠶᠡᠯ ᠢ ᠢᠯᠠᠨ ᠳᠠᠪᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠬᠡᠵᠠᠢ᠃      ᠵᠣᠣ ᠹᠸᠢ ᠯᠦ ᠱᠠᠭᠠᠷᠳᠠᠭᠰᠠᠨ ᠨᠢ᠂ ᠰᠡᠷᠭᠡᠶᠢᠯᠡᠨ ᠡᠵᠡᠮᠳᠡᠬᠦ ᠶᠢ ᠠᠳᠬᠤᠨ ᠬᠢᠯᠢ ᠶᠢᠨ ᠭᠠᠳᠠᠨ᠎ᠠ ᠠᠴᠠ ᠤᠷᠤᠬᠤ ᠢᠷᠡᠬᠦ ᠶᠢ ᠴᠢᠩᠭ᠎ᠠ ᠰᠠᠷᠭᠡᠶᠢᠯᠠᠵᠤ ᠰᠤᠷᠭᠠᠭᠤᠯᠢ ᠶᠢᠨ ᠰᠤᠷᠤᠯᠭ᠎ᠠ ᠡᠬᠢᠯᠡᠬᠦ ᠪᠠ ᠭᠢᠴᠢᠶᠠᠯ ᠰᠡᠷᠭᠦᠭᠡᠬᠦ ᠠᠵᠢᠯ  ᠢ ᠰᠠᠶᠢᠨ ᠬᠢᠵᠦ ᠬᠤᠪᠸᠢ ᠮᠤᠵᠢ ᠠᠴᠠ ᠪᠤᠴᠠᠵᠤ ᠢᠷᠡᠭᠰᠡᠨ ᠬᠥᠮᠦᠰ ᠢ ᠠᠩᠬᠠᠷᠴᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠤᠨ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠶ᠃ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ᠂ ᠨᠥᠬᠦᠪᠥᠷᠢ ᠥᠭᠴᠦ ᠲᠡᠳᠬᠦᠬᠦ ᠵᠡᠷᠭᠡ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ ᠠᠵᠤ ᠠᠬᠤᠶᠢᠯᠠᠯ ᠤᠨ ᠥᠢᠯᠡᠳᠪᠤᠷᠢᠯᠠᠯ ᠤᠨ ᠴᠢᠳᠠᠪᠤᠷᠢ ᠶᠢ ᠰᠡᠷᠭᠦᠭᠡᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ  ᠢᠶᠠᠨ ᠡᠭᠢᠯᠠᠭᠦᠯᠭᠦ᠂ ᠬᠠᠪᠤᠷ ᠤᠨ ᠲᠠᠷᠢᠶᠠᠯᠠᠭ᠎ᠠ ᠵᠢᠴᠢ ᠰᠣᠶᠣᠯ ᠵᠤᠭᠠᠴᠠᠯ᠂ ᠢᠳᠡᠭᠡᠨ ᠤᠮᠳᠠᠭᠠᠨ᠂ ᠪᠠᠭᠤᠳᠠᠯ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠦᠢᠯᠡᠰ ᠤᠨ ᠰᠡᠷᠭᠦᠯᠲᠡ ᠶᠢ ᠠᠬᠢᠭᠤᠯᠬᠤ ᠬᠡᠷᠡᠭᠲᠡᠢ᠃ ᠶᠠᠷᠤᠩᠭᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠳᠡᠭᠡᠨ ᠵᠠᠰᠠᠬᠤ ᠣᠷᠣᠨ᠂ ᠬᠤᠲᠠ ᠶᠢᠨ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠭᠦᠨᠵᠡᠭᠡᠢ ᠰᠤᠳᠤᠯᠵᠤ ᠠᠷᠭᠠᠴᠠᠭᠠᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠳᠤᠬᠢᠷᠠᠭᠤᠯᠵᠤ ᠠᠵᠤ ᠠᠬᠤᠢ ᠶᠢᠨ ᠡᠷᠭᠢᠯᠳᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠭᠡᠵᠡᠢ᠃      ᠵᠣᠣ ᠹᠸᠢ ᠯᠦ ᠴᠢᠬᠤᠯᠠᠴᠢᠯᠠᠭᠰᠠᠨ ᠨᠢ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠠᠵᠢᠯ ᠢ ᠦᠳᠲᠡᠷ ᠲᠦᠷᠭᠡᠨ ᠡᠬᠢᠯᠡᠭᠦᠯᠵᠦ ᠬᠠᠩᠰᠢ ᠶᠢᠨ ᠡᠳᠤᠷ ᠤᠨ ᠪᠣᠯᠪᠠᠰᠤᠨ ᠳᠠᠬᠢᠯᠭ᠎ᠠ ᠶᠢ ᠤᠬᠠᠭᠤᠯᠬᠤ ᠬᠡᠷᠡᠭᠲᠡᠶ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ ᠦᠶᠯᠡᠳᠪᠦᠷᠢᠯᠡᠯ ᠤᠨ ᠲᠠᠯᠳᠠ ᠬᠡᠮ  ᠢ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ ᠪᠥᠬᠦ ᠬᠤᠰᠢᠭᠤᠨ ᠤ ᠠᠮᠤᠷ ᠲᠥᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号