4 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠳᠠᠯ᠎ᠠ᠂ ᠬᠤᠳᠠ ᠶᠢᠨ ᠵᠣᠬᠢᠶᠠᠨ ᠪᠠᠶᠢᠭᠤᠯᠬᠤ ᠬᠡᠯᠳᠡᠰ | ᠤᠨ ᠳᠡᠳ᠋ ᠳᠠᠷᠤᠭ᠎ᠠ ᠵᠢᠩᠬᠢᠨᠢ ᠭᠠᠵᠠᠷ ᠤᠨ ᠳᠡᠰ ᠤᠨ ᠵᠣᠬᠢᠶᠠᠨ ᠪᠠᠶᠢᠭᠤᠯᠣᠭᠴᠢ ᠵᠠᠩ ᠫᠧᠩ ᠴᠧᠩ ᠨᠠᠷ ᠮᠠᠨ ᠤ | ᠬᠤᠰᠢᠭᠤᠨ ᠤ ᠪᠦᠬᠦ ᠬᠤᠳᠠ ᠶᠢᠨ ᠠᠵᠣ ᠠᠬᠤᠶᠢᠯᠠᠯ ᠪᠠ ᠣᠷᠣᠨ ᠨᠤᠲᠤᠭ ᠬᠦᠴᠦ ᠪᠠᠨ ᠬᠠᠮᠳᠣᠳᠬᠠᠨ ᠶᠠᠳᠠᠭᠤ | ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ ᠶᠢ | ᠠᠬᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠣᠭᠰᠠᠨ ᠪᠠᠶᠢᠳᠠᠯ | ᠪᠠ ᠮᠠᠨ ᠤ ᠬᠤᠰᠢᠭᠤᠨ ᠤ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ᠂ ᠳᠠᠭᠠᠭᠠᠴᠢᠯᠠᠨ ᠬᠤᠯᠪᠣᠭᠠᠯᠠᠵᠦ | ᠭᠠᠴᠠᠭ᠎ᠠ ᠳᠣᠰᠬᠤᠨ ᠳᠤ ᠰᠠᠭᠤᠵᠦ ᠠᠵᠢᠯᠯᠠᠵᠦ ᠪᠠᠶᠢᠭ᠎ᠠ ᠳᠣᠬᠠᠢ ᠪᠣᠳᠠᠳᠠᠢ ᠭᠠᠵᠠᠷ ᠲᠤ ᠪᠠᠶᠢᠴᠠᠭᠠᠨ ᠰᠣᠳᠣᠯᠣᠯᠲᠠ | ᠬᠢᠬᠦ ᠶᠢᠨ ᠬᠠᠮᠲᠣ ᠰᠠᠭᠤᠳᠠᠯ ᠤᠨ ᠬᠤᠷᠠᠯ ᠬᠤᠷᠠᠯᠳᠣᠭᠤᠯᠪᠠ᠃ | ᠬᠤᠶᠢᠰᠢᠳᠠ ᠶᠢᠨ ᠠᠵᠢᠯ ᠢ ᠰᠠᠶᠢᠳᠣᠷ ᠬᠢᠬᠦ ᠳᠣᠬᠠᠢ ᠵᠠᠩ ᠫᠧᠩ ᠴᠧᠩ ᠴᠢᠬᠤᠯᠠᠴᠢᠯᠠᠬᠤ ᠳᠠᠭᠠᠨ᠂ ᠠᠵᠣ | ᠠᠬᠤᠶᠢᠯᠠᠯ ᠪᠠ ᠣᠷᠣᠨ ᠨᠤᠲᠤᠭ ᠬᠦᠴᠦ ᠪᠠᠨ ᠬᠠᠮᠳᠣᠳᠬᠠᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ | ᠰᠢᠪᠳᠣᠯᠬᠤ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠪᠠ ᠨᠢᠦ ᠵᠢᠶᠦ᠋ᠨ ᠶᠠᠨ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠠᠶᠢᠳᠣᠷ ᠲᠤᠭᠤᠰᠢᠯᠠᠭᠤᠯᠵᠤ | ᠨᠢᠬᠡᠨ ᠬᠠᠮᠳᠣᠷᠠᠯᠴᠠᠭᠠᠨ ᠤ ᠵᠣᠬᠢᠶᠠᠨ ᠪᠠᠶᠢᠭᠤᠯᠣᠯᠲᠠ ᠪᠠᠷ ᠬᠦᠳᠦᠯᠦᠨ ᠳᠠᠭᠠᠭᠤᠯᠵᠦ ᠨᠢᠬᠡ ᠬᠡᠯᠡᠯᠴᠡᠭᠡᠷ ᠢᠶᠠᠷ | ᠬᠡᠷᠡᠴᠢᠯᠡᠬᠦ ᠶᠢ ᠠᠬᠢᠭᠤᠯᠤᠨ ᠨᠢᠬᠡ ᠳᠦᠰᠦᠯ ᠢᠶᠠᠷ ᠵᠢᠯᠣᠭᠤᠳᠣᠭᠤᠯᠬᠤ ᠶᠢᠨ ᠬᠠᠮᠲᠣ ᠭᠠᠴᠠᠭ᠎ᠠ ᠳᠣᠰᠬᠤᠨ ᠳᠤ | ᠰᠠᠭᠤᠭ᠎ᠠ ᠠᠵᠢᠯᠯᠠᠬᠤ ᠠᠩᠬᠢ ᠪᠦᠬᠦ ᠶᠠᠪᠣᠴᠠ ᠳᠤ ᠬᠦᠨᠵᠡᠬᠡᠢ ᠣᠷᠣᠯᠴᠠᠬᠤ ᠬᠡᠷᠡᠭᠲᠡᠢ᠃ ᠪᠦᠬᠦ ᠳᠠᠯ᠎ᠠ ᠪᠠᠷ ᠬᠦᠮᠦᠵᠢᠯ | ᠪᠣᠯᠪᠠᠰᠣᠷᠠᠯ ᠪᠠ ᠣᠬᠠᠭᠤᠯᠣᠨ ᠳᠠᠶᠢᠯᠪᠣᠷᠢᠯᠠᠬᠤ ᠠᠵᠢᠯ ᠢ ᠦᠷᠨᠢᠬᠦᠯᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ | ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠤ ᠢᠯᠡᠯᠳᠡ ᠶᠢ ᠣᠯᠬᠤ ᠬᠠᠷᠢᠭᠤᠴᠠᠯᠭ᠎ᠠ ᠶᠢ ᠣᠯᠠᠮ ᠨᠢᠬᠡ ᠠᠯᠬᠤᠮ | ᠳᠣᠳᠣᠷᠬᠠᠶᠢᠯᠠᠵᠦ ᠳᠦᠪᠯᠡᠷᠡᠬᠦᠯᠦᠨ ᠪᠠᠶᠢᠴᠠᠭᠠᠵᠦ ᠳᠠᠯᠳᠠᠭᠤᠷ ᠰᠣᠷᠪᠣᠯᠵᠢᠯᠠᠬᠤ ᠠᠵᠢᠯ ᠢ ᠦᠷᠨᠢᠬᠦᠯᠦᠨ ᠨᠠᠮ ᠤᠨ | ᠳᠣᠷᠣᠢ ᠪᠠᠭᠤᠷᠠᠢ ᠰᠣᠯᠠ ᠵᠠᠳᠠᠭᠠᠢ ᠵᠣᠬᠢᠶᠠᠨ ᠪᠠᠶᠢᠭᠤᠯᠣᠯᠳᠠ ᠶᠢ ᠳᠣᠶᠢᠯᠪᠣᠷᠢᠲᠠᠢ ᠪᠠᠶᠢᠴᠠᠭᠠᠨ ᠴᠡᠭᠴᠡᠯᠡᠵᠦ ᠡᠯ᠎ᠡ | ᠬᠦᠷᠢᠶᠡᠨ ᠳᠠᠬᠢ ᠨᠠᠮ ᠤᠨ ᠳᠣᠷᠣᠢ ᠪᠠᠭᠤᠷᠠᠢ ᠰᠣᠯᠠ ᠵᠠᠳᠠᠭᠠᠢ ᠵᠣᠬᠢᠶᠠᠨ ᠪᠠᠶᠢᠭᠤᠯᠣᠯᠲᠠ ᠶᠢ ︽ᠦᠬᠡᠶᠢᠰᠬᠡᠬᠦ︾ ᠶᠢ | ᠠᠬᠢᠭᠤᠯᠬᠤ ᠶᠢ ᠬᠠᠮᠲᠣ ᠳᠣᠭᠳᠠᠭᠤᠨ ᠬᠤᠪᠢᠷᠠᠭᠤᠯᠬᠤ ᠳᠣᠭᠳᠠᠴᠠ ᠶᠢ ᠪᠠᠶᠢᠭᠤᠯᠬᠤ ᠬᠡᠷᠡᠭᠲᠡᠢ᠃ ᠮᠠᠯᠵᠢᠬᠤ | ᠳᠠᠷᠢᠶᠠᠯᠠᠬᠤ ᠣᠷᠣᠨ ᠤ ᠨᠠᠮ ᠤᠨ ᠬᠡᠰᠢᠬᠦᠨ ᠢ ᠬᠦᠮᠦᠵᠢᠬᠦᠯᠬᠦ ᠠᠵᠢᠯ ᠢ ᠰᠠᠶᠢᠳᠣᠷ ᠬᠢᠵᠦ ᠭᠠᠴᠠᠭ᠎ᠠ ᠳᠣᠰᠬᠤᠨ ᠤ | ᠬᠠᠮᠲᠣ ᠶᠢᠨ ᠠᠵᠣ ᠠᠬᠤᠢ ᠶᠢ ᠬᠦᠭᠵᠢᠬᠦᠯᠦᠨ ᠦᠷᠭᠡᠳᠬᠡᠵᠦ ᠭᠠᠴᠠᠭ᠎ᠠ ᠳᠣᠰᠬᠤᠨ᠂ ᠨᠡᠶᠢᠬᠡᠮ ᠳᠣᠭᠤᠷᠢᠭ ᠤᠨ | ᠳᠣᠣᠷᠴᠢᠯᠠᠭᠰᠠᠨ ᠬᠠᠮᠢᠶᠠᠷᠣᠯᠳᠠ ᠶᠢ ᠪᠦᠬᠦ ᠳᠠᠯ᠎ᠠ ᠪᠠᠷ ᠶᠠᠪᠣᠭᠳᠠᠭᠤᠯᠵᠦ ᠦᠨᠳᠦᠰᠦᠨ ᠱᠠᠳᠣᠨ ᠤ ᠺᠠᠳ᠋ᠷ ᠠᠵᠢᠯᠳᠠᠳ | ᠤᠨ ᠬᠦᠷᠲᠡᠭᠡᠮᠵᠢ ᠶᠢᠨ ᠪᠠᠳᠣᠯᠠᠭ᠎ᠠ ᠶᠢ ᠴᠢᠩᠭ᠎ᠠ ᠨᠠᠶᠢᠳᠠᠪᠣᠷᠢᠵᠢᠭᠤᠯᠣᠨ ᠭᠠᠴᠠᠭ᠎ᠠ ᠳᠣᠰᠬᠤᠨ ᠤ ︽ ᠬᠤᠶᠠᠷ ᠵᠦᠪᠯᠡᠯ | ︾ ᠤᠨ ᠬᠤᠭᠤᠴᠠᠭ᠎ᠠ ᠰᠣᠯᠢᠬᠤ ᠪᠡᠯᠡᠳᠭᠡᠯ ᠠᠵᠢᠯ ᠢ ᠰᠠᠶᠢᠳᠣᠷ ᠬᠢᠬᠦ ᠬᠡᠷᠡᠭᠲᠡᠢ ᠬᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢᠨ ᠶᠥᠩ ᠭᠠᠩ᠂ | ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠪᠠᠷᠠᠳᠠᠨ ᠪᠠᠶᠢᠴᠠᠭᠠᠨ ᠰᠣᠳᠣᠯᠵᠦ ᠰᠠᠭᠤᠳᠠᠯ ᠤᠨ ᠬᠤᠷᠠᠯ ᠳᠤ ᠣᠷᠣᠯᠴᠠᠪᠠ᠃ | | |