4 ᠰᠠᠷ᠎ᠠ ᠶᠢᠨ 5 ᠤ ᠣᠷᠣᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ | ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ ᠮᠠᠯᠵᠢᠬᠤ ᠠᠵᠢᠯ ᠤᠨ ᠪᠠᠴᠢᠮ ᠬᠤᠷᠠᠯ ᠢ ᠡᠷᠬᠢᠯᠡᠨ | ᠬᠤᠷᠠᠯᠲᠣᠭᠤᠯᠵᠦ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ ᠮᠠᠯᠵᠢᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ | ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠂ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ ᠮᠠᠯᠵᠢᠬᠤ ᠬᠠᠮᠢᠶᠠᠷᠤᠯᠲᠠ ᠬᠠᠤᠯᠢ ᠬᠡᠷᠡᠭᠵᠢᠬᠦᠯᠦᠯᠲᠡ᠂ ᠬᠠᠪᠤᠷ ᠤᠨ | ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠵᠡᠷᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠳᠥᠯᠭᠢᠨ | ᠠᠬᠢᠭᠤᠯᠪᠠ᠃ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠡᠯ᠎ᠡ ᠰᠤᠮᠤ ᠪᠠᠯᠭᠠᠰᠤ᠂ ᠬᠤᠰᠢᠭᠤ ᠡᠯ᠎ᠡ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | | ᠡᠷᠳᠡᠨᠢᠪᠢᠯᠢᠭ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ ᠮᠠᠯᠵᠢᠬᠤ ᠠᠵᠢᠯ ᠢ | ᠰᠠᠶᠢᠲᠦᠷ ᠠᠳᠬᠤᠬᠤ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠬᠠᠲᠤᠨ ᠭᠤᠤᠯ | ᠤᠨ ᠰᠠᠪᠠ ᠳᠠᠭᠠᠤ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠠᠶ | ᠢᠯᠡᠷᠡᠯ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠱᠠᠲᠤᠨ ᠤ ᠤᠳᠤᠷᠢᠳᠤᠯᠭ᠎ᠠ ᠶᠢᠨ ᠮᠠᠨ ᠤ | ᠬᠤᠰᠢᠭᠤᠨ ᠳᠤ ᠰᠢᠨᠵᠢᠯᠡᠨ ᠪᠠᠶᠢᠴᠠᠭᠠᠭᠰᠠᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠪᠠᠶᠢᠭ᠎ᠠ ᠶᠢᠨ | ᠪᠣᠳᠠᠲᠠᠶ ᠠᠵᠢᠯᠯᠠᠭ᠎ᠠ ᠪᠣᠯᠬᠤ ᠶᠢ ᠬᠦᠢᠴᠡᠳ ᠳᠠᠨᠢᠵᠣ ᠴᠢᠨᠠᠷ ᠰᠠᠶᠢᠲᠠᠶ ᠬᠥᠭᠵᠢᠯᠲᠡ ᠶᠢ ᠳᠦᠯᠬᠢᠨ ᠠᠬᠢᠭᠤᠯᠵᠣ | ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠬᠦᠨᠲᠣ ᠴᠢᠬᠤᠯᠠ ᠠᠴᠢ ᠬᠤᠯᠪᠣᠭᠳᠠᠯ ᠲᠠᠢ ᠶᠤᠮ | ᠭᠡᠵᠡᠢ᠃ | | | | | | | ᠡᠷᠲᠡᠨᠢᠪᠢᠯᠢᠭ ᠴᠢᠬᠤᠯᠠᠴᠢᠯᠠᠬᠤ ᠳᠤ ᠪᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠬᠤᠰᠢᠭᠤ ᠨᠠᠮ ᠤᠨ ᠬᠤᠷᠢᠶᠠᠨ ᠤ | ᠣᠬᠠᠭᠤᠯᠬᠤ ᠭᠡᠯᠳᠡᠰ᠂ ᠬᠤᠰᠢᠭᠤ ᠬᠠᠮ ᠵᠠᠭᠤᠴᠢᠯᠠᠭᠤᠷ ᠤᠨ ᠲᠥᠪ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ | ᠨᠣᠳᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠬᠢᠨ ᠭᠠᠴᠠᠭ᠎ᠠ ᠳᠣᠰᠬᠤᠨ ᠤ ᠶᠡᠭᠡ ᠯᠠᠪᠠᠷ᠂ ᠸᠢᠴᠠᠲ᠂ ᠷᠠᠳᠢᠣ᠋ | ᠲᠧᠯᠸᠢᠰ ᠵᠡᠷᠭᠡ ᠲᠠᠪᠴᠠᠩ ᠢᠶᠠᠷ ᠳᠠᠮᠵᠢᠭᠤᠯᠤᠨ ᠳᠡᠭᠡᠳᠦ ᠱᠠᠲᠤᠨ ᠤ ᠪᠡᠯᠴᠢᠭᠡᠷᠯᠡᠭᠦᠯᠬᠦ ᠶᠢ ᠬᠤᠷᠢᠭᠯᠠᠵᠣ ᠠᠲᠠᠷ | ᠬᠠᠭᠠᠯᠪᠤᠷᠢᠯᠠᠬᠤ ᠶᠢ ᠴᠠᠭᠠᠵᠠᠯᠠᠬᠤ ᠲᠤᠬᠠᠶ ᠲᠥᠷᠥ ᠶᠢᠨ ᠪᠣᠳᠣᠯᠭ᠎ᠠ᠂ ᠬᠠᠤᠯᠢ ᠳᠦᠷᠢᠮ ᠪᠣᠯᠤᠨ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ ︽3 + 1 | ︾ ᠳᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ ᠨᠢᠭᠡᠴᠢ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ | ᠲᠤᠭᠤᠶᠢᠯᠠᠩ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠬᠢᠨ ᠬᠠᠪᠣᠷ ᠤᠨ | ᠲᠠᠷᠢᠶᠠᠯᠠᠭ᠎ᠠ ᠡᠬᠢᠯᠡᠬᠦ ᠠᠴᠠ ᠡᠮᠣᠨ᠎ᠡ ᠴᠠᠭ ᠢ ᠵᠠᠪᠳᠤᠨ ᠠᠶᠢᠯ ᠡᠷᠦᠬᠡ ᠳᠤ ᠭᠦᠨᠵᠡᠭᠡᠶᠢᠷᠡᠨ ᠪᠡᠯᠴᠢᠭᠡᠷᠯᠡᠭᠦᠯᠬᠦ ᠶᠢ | ᠬᠤᠷᠢᠭᠯᠠᠵᠣ ᠰᠡᠯᠬᠦᠨ ᠮᠠᠯᠵᠢᠬᠤ ᠠᠵᠢᠯ ᠢ ᠭᠦᠨᠵᠡᠭᠡᠶ ᠤᠬᠠᠭᠤᠯᠤᠨ ᠲᠠᠶᠢᠯᠪᠤᠷᠢᠯᠠᠵᠤ ᠥᠷᠭᠡᠨ ᠣᠯᠠᠨ ᠮᠠᠯᠴᠢᠨ | ᠲᠠᠷᠢᠶᠠᠴᠢᠨ ᠣᠬᠠᠮᠰᠠᠷ ᠠᠴᠠ ᠪᠠᠨ ᠬᠠᠰᠢᠶᠠᠯᠠᠨ ᠮᠠᠯᠵᠢᠵᠣ ᠪᠡᠯᠴᠢᠭᠡᠷᠯᠡᠭᠦᠯᠬᠦ ᠶᠢ ᠬᠤᠷᠢᠭᠯᠠᠨ ᠰᠡᠯᠬᠦᠨ ᠮᠠᠯᠵᠢᠬᠤ | ᠠᠵᠢᠯ ᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠢ ᠦᠨᠡᠨᠬᠦ ᠪᠠᠳᠣᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠨᠢ | ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠤ ᠪᠠᠶᠢᠭᠤᠯᠭ᠎ᠠ ᠪᠣᠯᠣᠨ ᠬᠡᠷᠡᠭᠵᠢᠭᠦᠯᠥᠨ | ᠶᠠᠪᠣᠭᠳᠠᠭᠤᠯᠵᠣ ᠪᠠᠶᠢᠭ᠎ᠠ ᠭᠤᠤᠯ ᠴᠣᠭᠴᠠ ᠪᠣᠯᠤᠭᠰᠠᠨ ᠤ ᠬᠤᠪᠢ ᠳᠤ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ | ᠮᠠᠯᠵᠢᠬᠤ ᠠᠵᠢᠯ ᠢ ᠴᠢᠩᠭ᠎ᠠ ᠠᠳᠬᠤᠵᠤ ᠠᠵᠢᠯ ᠤᠨ ᠡᠬᠦᠷᠭᠡ ᠬᠠᠷᠢᠭᠤᠴᠠᠯᠭ᠎ᠠ᠂ ᠠᠷᠭ᠎ᠠ ᠬᠡᠮᠵᠢᠶ᠎ᠠ ᠶᠢ ᠠᠶᠢᠯ | ᠡᠷᠣᠬᠡ ᠳᠤ ᠨᠠᠶᠢᠳᠠᠪᠣᠷᠢᠵᠢᠭᠤᠯᠣᠨ ᠲᠤᠭᠤᠰᠢᠯᠠᠭᠤᠯᠵᠤ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠢ ᠬᠠᠤᠯᠢ | ᠶᠣᠰᠣᠭᠠᠷ ᠳᠣᠭᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠡᠯᠴᠢᠭᠡᠷᠯᠡᠭᠦᠯᠬᠦ ᠶᠢ ᠬᠤᠷᠢᠭᠯᠠᠬᠤ ᠠᠵᠢᠯ ᠤᠨ ᠱᠠᠭᠠᠷᠳᠡᠨ | ᠪᠠᠶᠢᠴᠠᠭᠠᠵᠣ ᠬᠠᠤᠯᠢ ᠬᠡᠷᠡᠭᠵᠢᠭᠦᠯᠬᠦ ᠬᠦᠴᠣᠯᠡᠴᠡ ᠪᠠᠨ ᠨᠡᠮᠡᠭᠳᠡᠭᠦᠯᠵᠦ ᠡᠯ᠎ᠡ ᠬᠠᠤᠯᠢ ᠬᠡᠷᠡᠭᠵᠢᠭᠦᠯᠬᠦ ᠡᠩᠨᠡᠭᠡ ᠶᠢᠨ | ᠬᠦᠴᠦᠨ ᠢ ᠬᠠᠮᠳᠣᠷᠠᠭᠤᠯᠣᠨ ᠨᠤᠲᠤᠭ ᠪᠠᠯᠴᠢᠭᠡᠷ᠂ ᠣᠶᠢᠲᠤ ᠭᠠᠵᠠᠷ ᠤᠨ ᠬᠢᠨᠠᠨ ᠬᠠᠮᠢᠶᠠᠷᠣᠯᠲᠡ ᠪᠠᠨ | ᠴᠢᠩᠭᠠᠷᠠᠭᠤᠯᠤᠨ ᠨᠤᠲᠤᠭ ᠪᠡᠯᠴᠢᠭᠡᠷ᠂ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠠᠴᠠ ᠬᠠᠤᠯᠢ ᠶᠢᠨ | ᠬᠠᠷᠢᠭᠤᠴᠠᠯᠭ᠎ᠠ ᠨᠡᠬᠡᠮᠵᠢᠯᠡᠵᠦ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ ᠮᠠᠯᠵᠢᠬᠤ ᠠᠵᠢᠯ ᠤᠨ ᠳᠤᠮᠳᠠ | ᠬᠠᠷᠢᠭᠤᠴᠠᠯᠭ᠎ᠠ ᠪᠠᠨ ᠳᠦᠯᠬᠢᠯᠴᠡᠬᠦ᠂ ᠠᠵᠢᠯ ᠢ ᠬᠤᠶᠢᠰᠢᠯᠠᠭᠤᠯᠣᠭᠰᠠᠨ ᠵᠡᠷᠭᠡ ᠡᠬᠦᠷᠭᠡ ᠬᠠᠷᠢᠭᠤᠴᠠᠯᠭ᠎ᠠ ᠦᠬᠡᠢ᠂ | ᠣᠷᠣᠭᠰᠢᠳᠠᠢ ᠶᠠᠪᠣᠭᠳᠠᠬᠤ ᠶᠢ ᠬᠠᠷᠰᠢᠯᠠᠭᠰᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠣᠳ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠪᠡᠯᠴᠢᠭᠡᠷᠯᠡᠭᠦᠯᠬᠦ | ᠶᠢ ᠬᠤᠷᠢᠭᠯᠠᠵᠣ ᠰᠡᠯᠬᠦᠨ ᠮᠠᠯᠵᠢᠬᠤ ᠠᠵᠢᠯ ᠤᠨ ᠡᠯ᠎ᠡ ᠳᠦᠷᠣᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ | ᠣᠣᠯ ᠶᠤᠰᠤᠭᠠᠷ ᠲᠤᠭᠤᠰᠢᠯᠠᠭᠤᠯᠤᠨ ᠬᠡᠷᠡᠭᠵᠢᠭᠦᠯᠵᠦ ᠠᠵᠢᠯ ᠤᠨ ᠲᠤᠷᠰᠢᠯᠭ᠎ᠠ ᠪᠠᠨ ᠳ᠋ᠦᠩᠨᠡᠨ ᠠᠵᠢᠯ ᠤᠨ ᠠᠷᠭ᠎ᠠ | ᠪᠠᠷᠢᠯ ᠤᠨ ᠰᠢᠨ᠎ᠡ ᠶᠢ ᠡᠭᠦᠳᠴᠦ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ ᠠᠵᠢᠯ ᠤᠨ | ᠬᠠᠮᠲᠤ ᠶᠢᠨ ᠬᠦᠴᠦᠨ ᠢ ᠪᠦᠷᠢᠯᠲᠦᠭᠦᠯᠵᠦ ᠪᠡᠯᠴᠢᠭᠡᠷᠯᠡᠭᠦᠯᠬᠦ ᠶᠢ ᠬᠤᠷᠢᠭᠯᠠᠵᠣ ᠰᠡᠯᠬᠦᠨ ᠮᠠᠯᠵᠢᠬᠤ ᠠᠵᠢᠯ ᠤᠨ | ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃ | |