ᠤᠶᠢᠷ᠎ᠠ ᠶᠢᠨ ᠡᠳᠤᠷ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠢᠷᠬᠤᠰᠤᠨ ᠪᠠᠯᠭᠠᠰᠤᠨ ᠳᠤ | ᠬᠦᠷᠴᠦ ᠪᠠᠶᠢᠴᠠᠭᠠᠨ ᠰᠤᠳᠤᠯᠤᠯᠲᠠ ᠬᠢᠨ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠳᠬᠤᠬᠤ ᠠᠵᠢᠯ ᠳᠤ ᠵᠢᠭᠠᠨ ᠵᠢᠯᠤᠭᠤᠳᠤᠯᠭ᠎ᠠ ᠭᠢᠭᠦ ᠳᠤ ᠪᠠᠨ | ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠥᠨᠵᠡᠭᠡᠢ ᠰᠤᠷᠤᠯᠴᠠᠨ ᠲᠤᠭᠤᠰᠢᠯᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ | ᠰᠠᠶᠢᠲᠤᠷ ᠭᠢᠭᠦ ᠲᠤᠯᠭᠠᠮ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ | ᠬᠦ ᠴᠢᠩᠭᠠᠳᠬᠠᠨ ᠯᠠᠪᠳᠠᠭᠤᠨ ᠪᠠᠲᠤᠲᠠᠢ ᠠᠵᠢᠯᠯᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠦᠴᠢᠷ ᠢ | ᠲᠤᠭᠤᠯᠤᠨ ᠪᠡᠷᠬᠡ ᠶᠢ ᠳᠠᠪᠠᠵᠤ ᠲᠣᠭᠲᠠᠭᠰᠠᠨ ᠬᠤᠭᠤᠴᠠᠭᠠᠨ ᠳᠤ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | ᠡᠷᠳᠡᠨᠢᠪᠢᠯᠢᠭ ᠨᠡᠷ ᠤᠷᠢᠳ ᠬᠤᠵᠢᠳ ᠰᠢᠷᠬᠤᠰᠤ ᠲᠣᠰᠬᠤᠨ᠂ ᠪᠠᠳᠤ ᠶᠢᠨ ᠲᠤᠬᠤᠢ ᠲᠣᠰᠬᠤᠨ ᠳᠤ ᠬᠦᠷᠴᠦ | ᠰᠢᠷᠬᠤᠰᠤᠨ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠵᠢᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠭᠰᠡᠨ ᠪᠥᠭᠡᠳ ᠲᠠᠩᠰᠠ ᠪᠠᠶᠢᠭᠤᠯᠤᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ | ᠹᠧᠩ ᠪᠠᠢ ᠼᠦᠢ ᠶᠢᠨ ᠭᠡᠷ ᠲᠤ ᠰᠢᠷᠬᠤᠰᠤᠨ ᠪᠠᠯᠭᠠᠰᠤᠨ ᠤ ᠪᠦᠬᠦ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠲᠠᠢ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠡᠷᠳᠡᠨᠢᠪᠢᠯᠢᠭ ᠲᠤᠬᠠᠢ ᠶᠢᠨ ᠲᠠᠯᠠᠪᠠᠢ ᠳᠤ | ᠲᠣᠰᠬᠤᠨ ᠳᠤ ᠰᠠᠭᠤᠭ᠎ᠠ ᠨᠢᠭᠡᠳᠤᠭᠡᠷ ᠱᠦᠵᠢ ᠠᠴᠠ ︽ᠶᠠᠭᠤ ᠶᠢ ᠬᠤᠶᠠᠷ ᠲᠤ ᠰᠠᠨᠠᠭᠠᠰᠢᠷᠠᠬᠤ ᠦᠭᠡᠢ ᠭᠤᠷᠪᠠ ᠶᠢ | ᠪᠠᠲᠤᠯᠠᠬᠤ ᠭᠡᠬᠦ᠂ ᠢᠳᠡᠬᠦ ᠳᠤ ᠵᠣᠪᠠᠭ᠋ᠤ ᠦᠭᠡᠢ ᠭᠡᠳᠡᠭ ᠨᠢ ᠶᠠᠭᠤ ᠶᠢ ᠵᠢᠭᠠᠵᠤ ᠪᠠᠶᠢᠬᠤ᠂ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠭᠰᠡᠨ ᠡᠷᠦᠬᠡ ᠶᠢᠨ ᠨᠠᠷᠢᠨ ᠪᠠᠶᠢᠳᠠᠯ ᠶᠠᠮᠠᠷ ᠪᠠᠶᠢᠬᠤ︖︾ ᠵᠡᠷᠭᠡ ᠠᠰᠠᠭᠤᠯᠲᠠ ᠶᠢ ᠨᠢᠭᠡᠳ | ᠨᠢᠭᠡ ᠪᠠᠷ ᠠᠰᠠᠭᠤᠵᠤ ᠨᠢᠭᠡᠳᠦᠭᠡᠷ ᠱᠦᠵᠢ ᠶᠢᠨ ᠶᠠᠳᠠᠭᠤ ᠶᠢ ᠲᠡᠳᠬᠦᠬᠦ ᠠᠵᠢᠯ ᠢ ᠤᠶᠢᠯᠠᠭᠠᠬᠤ ᠬᠡᠮᠵᠢᠶ᠎ᠡ ᠶᠢ | ᠪᠠᠶᠢᠴᠠᠭᠠᠨ ᠡᠯ᠎ᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠬᠢᠴᠠ ᠶᠢᠨ | ᠪᠠᠶᠢᠳᠠᠯ ᠢ ᠣᠶᠢᠯᠠᠭᠠᠪᠠ᠃ | | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠡᠯᠭᠡ ᠲᠡᠮᠳᠡᠭ | ᠤᠨ ᠴᠢᠨᠠᠷᠲᠠᠢ ᠢᠨᠵᠧᠨᠧᠷᠢᠩ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠢᠢᠳᠪᠦᠷᠢᠲᠦ ᠪᠤᠳᠤᠯᠭ᠎ᠠ | ᠲᠣᠭᠲᠠᠭᠠᠬᠤ᠂ ᠪᠡᠶ᠎ᠡ ᠪᠠᠷ ᠢᠶᠠᠨ ᠪᠠᠶᠢᠷᠢᠯᠠᠭᠤᠯᠬᠤ᠂ ᠪᠡᠶ᠎ᠡ ᠪᠠᠷ ᠢᠶᠠᠨ ᠬᠢᠨᠠᠨ ᠪᠠᠶᠢᠴᠠᠭᠠᠬᠤ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠮᠥᠨ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠰᠡᠬᠦᠯ ᠬᠤᠷᠢᠶᠠᠬᠤ ᠵᠢᠯ ᠪᠠᠶᠢᠵᠤ ᠡᠯ᠎ᠠ ᠵᠦᠢᠯ ᠤᠨ ᠠᠵᠢᠯ ᠤᠨ ᠡᠭᠦᠷᠭᠡ ᠬᠦᠨᠳᠦ᠂ ᠱᠠᠭᠠᠷᠳᠠᠯᠭ᠎ᠠ | ᠥᠨᠳᠥᠷ ᠪᠠᠶᠢᠨ᠎ᠠ᠃ ᠭᠠᠴᠠᠭ᠎ᠠ ᠲᠣᠰᠬᠤᠨ ᠳᠤ ᠰᠠᠭᠤᠭ᠎ᠠ ᠡᠯ᠎ᠡ ᠨᠢᠭᠡᠳᠦᠭᠡᠷ ᠱᠦᠵᠢ ᠤᠯᠤᠰ ᠲᠥᠷᠥ ᠶᠢᠨ | ᠵᠣᠭᠰᠣᠴᠠ ᠪᠠᠨ ᠲᠡᠭᠡᠭᠰᠢᠯᠠᠭᠦᠯᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠬᠦᠴᠦᠲᠡᠶ ᠠᠷᠭ᠎ᠠ ᠬᠡᠮᠵᠢᠶ᠎ᠡ ᠠᠪᠴᠤ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠭᠢᠭᠤᠯᠤᠨ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠶᠠᠰᠤ ᠴᠢᠨᠠᠷ ᠪᠣᠳᠠᠲᠤ ᠦᠷ᠎ᠡ ᠪᠥᠳᠥᠮᠵᠢ ᠶᠢ ᠳᠡᠭᠡᠭᠰᠢᠯᠡᠬᠦᠯᠵᠤ ᠬᠠᠷᠠᠯᠲᠠ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠡᠷᠳᠡᠨᠢᠪᠢᠯᠢᠭ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ | ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠡᠯ᠎ᠡ ᠱᠠᠲᠤᠨ ᠤ ᠶᠠᠳᠠᠭᠤ ᠶᠢ ᠲᠠᠳᠭᠦᠭᠦ ᠲᠥᠷᠥ ᠶᠢᠨ | ᠪᠣᠳᠣᠯᠭ᠎ᠠ ᠶᠢ ᠨᠡᠪᠲᠡᠷᠬᠡᠶ ᠣᠶᠢᠯᠠᠭᠠᠵᠤ ᠬᠠᠷᠠᠯᠳᠠ ᠳᠤ ᠠᠩᠬᠠᠷᠤᠯ ᠢᠶᠠᠨ ᠲᠥᠪᠯᠡᠷᠡᠭᠦᠯᠵᠦ ᠨᠠᠷᠢᠯᠢᠭ ᠤᠨᠤᠪᠴᠢᠲᠠᠢ ᠪᠠᠷ | ᠬᠦᠴᠦᠯᠡᠵᠦ ︽ᠬᠤᠶᠠᠷ ᠲᠤ ᠰᠠᠨᠠᠭᠠᠰᠢᠷᠠᠬᠤ ᠥᠬᠡᠶ ᠭᠤᠷᠪᠠ ᠶᠢ ᠪᠠᠲᠤᠯᠠᠬᠤ︾ ᠪᠠᠷᠢᠮᠵᠢᠶ᠎ᠠ ᠶᠣᠰᠣᠭᠠᠷ ᠯᠠᠪᠳᠠᠭᠤᠨ | ᠪᠠᠲᠤᠲᠠᠶ ᠠᠵᠢᠯᠯᠠᠵᠤ ᠲᠤᠳᠠᠭᠳᠠᠯ ᠢᠶᠠᠨ ᠨᠥᠭᠦᠪᠤᠷᠢᠯᠠᠨ ᠴᠠᠭ ᠲᠤᠬᠠᠶ ᠳᠤᠨᠢ ︽ᠡᠷᠬᠢᠨ ᠬᠠᠷᠠᠬᠤ︾ ᠬᠢᠨᠠᠨ | ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠵᠦ ᠪᠠᠶᠢᠳᠠᠯ ᠢ ᠲᠣᠳᠣᠷᠬᠠᠶ ᠪᠣᠯᠭᠠᠬᠤ ᠬᠡᠷᠡᠭᠲᠡᠶ᠃ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ ᠪᠤᠳᠠᠳᠤ ᠦᠷ᠎ᠡ ᠪᠦᠲᠦᠮᠵᠢ ᠪᠠᠷ ᠬᠠᠨᠤᠮᠵᠢᠳᠠᠢ ᠬᠠᠷᠢᠭᠤᠯᠳᠠ ᠲᠤᠰᠢᠶᠠᠵᠤ | ᠲᠡᠦᠬᠡ ᠪᠣᠯᠤᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃ | | | | | | | ᠡᠨᠡ ᠬᠤᠭᠤᠴᠠᠭᠠᠨ ᠳᠤ ᠡᠷᠳᠡᠨᠢᠪᠢᠯᠢᠭ ᠰᠢᠷᠬᠤᠰᠤᠨ ᠪᠠᠯᠭᠠᠰᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ | ᠲᠥᠷᠤᠯ ᠵᠦᠶᠯ ᠪᠣᠯᠤᠨ ᠥᠪᠥᠷ ᠮᠣᠩᠭᠤᠯ ᠤᠨ ᠳ᠋ᠢᠩ ᠱᠦᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠭᠦᠭᠡᠷᠤᠮᠵᠢᠳᠤ ᠲᠠᠷᠢᠶᠠᠯᠠᠩ ᠤᠨ ᠲᠥᠷᠥᠯ ᠵᠦᠶᠯ ᠤᠨ | ᠡᠷᠭᠢᠯᠳᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠡᠷᠳᠡᠨᠢᠪᠢᠯᠢᠭ ᠴᠢᠬᠤᠯᠠᠴᠢᠯᠠᠭᠰᠠᠨ ᠨᠢ᠂ ︽ᠲᠤᠯᠤᠭᠠᠶᠢᠯᠠᠭᠴᠢ | ᠠᠵᠤ ᠠᠬᠤᠶᠢᠯᠠᠯ + ᠨᠠᠮ ᠤᠨ ᠡᠭᠦᠷ + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾ ᠶᠢᠨ ᠬᠥᠭᠵᠢᠯᠲᠡ | ᠶᠢᠨ ᠵᠠᠭᠪᠤᠷ ᠪᠠ ᠠᠵᠤ ᠦᠶᠯᠡᠰ ᠤᠨ ᠬᠤᠯᠪᠣᠭᠠᠲᠤ ᠴᠣᠭᠴᠠ ᠶᠢᠨ ᠰᠢᠨ᠎ᠠ ᠵᠠᠭᠪᠤᠷ ᠢ ᠬᠡᠷᠡᠭᠵᠢᠭᠦᠯᠵᠦ ᠡᠷᠬᠢᠨ | ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢ ᠠᠵᠤ ᠥᠢᠯᠡᠰ ᠤᠨ ᠭᠡᠯᠭᠢᠶᠠᠵᠢᠯ ᠳᠤ ᠲᠡᠳᠡᠨ ᠣᠷᠣᠭᠤᠯᠵᠤ | ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠬᠤ | ᠬᠡᠷᠡᠭᠲᠡᠶ᠃ ᠲᠠᠷᠢᠶᠠᠯᠠᠩ ᠤᠨ ᠠᠵᠤ ᠠᠬᠤᠶᠢᠯᠠᠯ ᠢ ᠰᠢᠨᠵᠢᠯᠡᠬᠦ ᠤᠬᠠᠭᠠᠨᠴᠢ ᠪᠠᠷ ᠲᠠᠷᠢᠵᠤ ᠬᠥᠷᠥᠰᠥ ᠰᠢᠷᠣᠶ ᠶᠢ | ᠰᠠᠶᠢᠵᠢᠷᠠᠭᠤᠯᠤᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠮᠠᠯ ᠠᠵᠤ ᠠᠬᠤᠢ ᠶᠢᠨ ᠠᠵᠤ | ᠠᠬᠤᠶᠢᠯᠠᠯ ᠣᠷᠴᠢᠨ ᠲᠣᠭᠤᠷᠢᠨ ᠢ ᠬᠠᠮᠠᠭᠠᠯᠠᠬᠤ ᠲᠣᠭᠲᠠᠭᠠᠯ ᠢ ᠴᠢᠩᠭ᠎ᠠ ᠵᠢᠷᠤᠮᠯᠠᠨ ᠦᠶᠯᠡᠳᠪᠦᠷᠢ ᠪᠠᠶᠢᠭᠤᠯᠬᠤ ᠶᠢ | ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ ᠮᠠᠯ ᠤᠨ ᠰᠢᠭᠡᠭ ᠢ ᠵᠦᠶ ᠵᠣᠬᠢᠰᠲᠠᠶ ᠠᠰᠢᠭᠯᠠᠨ ᠣᠷᠭᠠᠨᠢᠭ ᠪᠣᠷᠳᠣᠭᠤᠷ | ᠪᠣᠯᠪᠠᠰᠤᠷᠠᠭᠤᠯᠵᠤ ᠪᠦᠲᠦᠮᠵᠢᠲᠡᠶ ᠡᠷᠭᠢᠯᠳᠦᠭᠦᠯᠦᠨ ᠠᠰᠢᠭᠯᠠᠵᠤ ᠮᠠᠯ ᠠᠵᠤ ᠠᠬᠤᠢ ᠶᠢᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ ᠃ | ᠬᠤᠰᠢᠭᠤ ᠤᠳᠤᠷᠢᠳᠤᠯᠭ᠎ᠠ ᠪᠠᠶᠠᠨᠴᠡᠩᠭᠡᠯ ᠪᠤᠯᠤᠨ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ᠂ | ᠰᠢᠷᠬᠤᠰᠤᠨ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | |