ᠲᠠᠷᠢᠶᠠᠯᠠᠩ ᠤᠨ ᠦᠢᠯᠡᠰ ᠤᠰᠤ ᠶᠢ ᠶᠡᠬᠡᠪᠡᠷ ᠬᠡᠷᠡᠭᠯᠡᠳᠡᠭ᠃ ᠤᠶᠢᠷ᠎ᠠ ᠶᠢᠨ ᠵᠢᠯ ᠠᠴᠠ ᠮᠠᠰᠢᠨ ᠴᠠᠬᠢᠯᠭᠠᠨ | ᠬᠤᠳᠳᠤᠭ ᠤᠨ ᠠᠷᠪᠢᠳᠬᠤ ᠶᠢ ᠲᠠᠭᠠᠯᠳᠤᠨ ᠤᠰᠤᠨ ᠤ ᠬᠡᠷᠡᠭᠯᠡᠯᠳᠡ ᠢᠯᠡᠷᠬᠡᠢ ᠶᠡᠭᠡ ᠪᠣᠯᠵᠠᠢ᠃ ᠮᠠᠨ ᠤ ᠬᠤᠰᠢᠭᠤ | ᠲᠠᠷᠢᠶᠠᠯᠠᠩ ᠳᠤ ᠬᠡᠷᠡᠭᠯᠡᠬᠦ ᠤᠰᠤ ᠶᠢ ᠰᠢᠨᠵᠢᠯᠡᠬᠦ ᠤᠬᠠᠭᠠᠨᠴᠢ ᠪᠠᠷ ᠬᠢᠵᠠᠭᠠᠷᠯᠠᠨ ᠡᠵᠡᠮᠳᠡᠬᠦ ᠶᠢᠨ ᠬᠠᠮᠳᠤ ᠲᠠᠷᠢᠶᠠᠯᠠᠩ | ᠳᠤ ᠬᠡᠷᠡᠭᠯᠡᠬᠦ ᠤᠰᠤᠨ ᠳᠤ ᠦᠨ᠎ᠠ ᠲᠤᠭᠳᠠᠭᠠᠬᠤ ᠶᠡᠷᠦᠩᠬᠡᠶᠢᠯᠡᠭᠰᠡᠨ ᠦᠬᠡᠷᠡᠴᠢᠯᠠᠯᠳᠠ ᠪᠠ ᠮᠠᠰᠢᠨ ᠴᠠᠬᠢᠯᠭᠠᠨ | ᠬᠤᠳᠳᠤᠭ ᠲᠤ ᠦᠨᠡᠮᠯᠠᠯ ᠣᠯᠭᠤᠬᠤ ᠦᠬᠡᠷᠡᠴᠢᠯᠠᠯᠳᠠ ᠶᠢ ᠪᠠᠳᠤᠳᠠᠢ ᠶᠠᠪᠤᠭᠳᠠᠭᠤᠯᠬᠤ ᠶᠢᠨ ᠡᠬᠦᠳᠡᠨ ᠠᠴᠠ ᠪᠦᠬᠦ | ᠬᠤᠰᠢᠭᠤᠨ ᠤ ᠬᠡᠪᠴᠢᠶᠠᠨ ᠳᠠᠬᠢ ᠮᠠᠰᠢᠨ ᠴᠠᠬᠢᠯᠭᠠᠨ ᠬᠤᠳᠳᠤᠭ ᠲᠤ ᠪᠦᠬᠦ ᠲᠠᠯ᠎ᠠ ᠶᠢᠨ ᠲᠠᠩᠰᠠᠯᠠᠯᠳᠠ ᠬᠢᠵᠤ | ᠡᠬᠢᠯᠡᠯ᠎ᠡ᠃ ᠡᠨᠡ ᠨᠢ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠤᠨ ᠤᠰᠤ ᠬᠡᠷᠡᠭᠯᠡᠬᠦ ᠬᠡᠮᠵᠢᠶ᠎ᠠ ᠶᠢ | ᠠᠥᠲ᠋ᠤᠴᠢᠯᠠᠨ ᠡᠵᠡᠮᠳᠡᠬᠦ ᠳᠤ ᠪᠦᠷᠢᠨ ᠦᠨᠳᠦᠰᠦᠯᠡᠯ ᠬᠠᠩᠭᠠᠵᠤ ᠢᠷᠡᠬᠡᠳᠦᠢ ᠶᠢᠨ ᠤᠰᠤ ᠠᠷᠪᠢᠯᠠᠯᠳᠠ ᠶᠢ ᠪᠦᠬᠦ | ᠲᠠᠯ᠎ᠠ ᠪᠠᠷ ᠪᠡᠶᠡᠯᠡᠬᠦᠯᠬᠦ ᠪᠠᠷ ᠪᠠᠶᠢᠨ᠎ᠠ᠃ | ᠬᠤᠰᠢᠭᠤ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠤᠨ ᠠᠵᠢᠯᠳᠠᠨ ᠡᠨᠡ ᠬᠤᠶᠠᠷ ᠡᠳᠦᠷ ᠭᠠᠯᠠᠭᠤᠳᠤ | ᠪᠠᠯᠭᠠᠰᠤᠨ ᠤ ᠷᠠᠰᠢᠶᠠᠨ ᠲᠣᠬᠤᠢ ᠲᠤᠰᠬᠤᠨ ᠤ ᠲᠠᠷᠢᠶᠠᠴᠢᠨ ᠠᠶᠢᠯ ᠤᠳ ᠢᠶᠠᠷ ᠲᠠᠷᠢᠶᠠᠯᠠᠩ ᠤᠨ ᠮᠠᠰᠢᠨ ᠴᠠᠬᠢᠯᠭᠠᠨ | ᠬᠤᠳᠳᠤᠭ ᠤᠨ ᠲᠠᠩᠰᠠᠯᠠᠯᠳᠠ ᠶᠢᠨ ᠠᠵᠢᠯ ᠢ ᠦᠷᠨᠢᠬᠦᠯᠬᠦ ᠶᠢᠨ ᠠᠴᠢ ᠬᠤᠯᠪᠤᠭᠳᠠᠯ ᠢ ᠲᠠᠨᠢᠯᠴᠠᠭᠤᠯᠬᠤ ᠶᠢᠨ ᠲᠠᠭᠠᠤ | ᠮᠠᠰᠢᠨ ᠴᠠᠬᠢᠯᠭᠠᠨ ᠬᠤᠳᠳᠤᠭ ᠢ ᠲᠠᠩᠰᠠᠯᠠᠨ ᠪᠦᠷᠢᠳᠬᠡᠬᠦ ᠠᠵᠢᠯ ᠢ ᠡᠮᠬᠢ ᠲᠠᠷᠠᠭᠠᠯᠠᠯ ᠲᠠᠢ ᠶᠠᠪᠤᠭᠳᠠᠭᠤᠯᠵᠤ | ᠬᠤᠳᠳᠤᠭ ᠪᠣᠯᠭᠠᠨ ᠢ ᠨᠠᠷᠢᠨ ᠲᠡᠮᠳᠡᠭᠯᠡᠵᠤ ᠪᠠᠶᠢᠯ᠎ᠠ᠃ | 2018 ᠣᠨ ᠤ ᠪᠦᠷᠢᠳᠬᠡᠯ ᠢᠶᠠᠷ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠡᠯ᠎ᠡ | ᠲᠦᠷᠦᠯ ᠤᠨ ᠦᠢᠯᠡᠰ ᠤᠨ ᠬᠡᠷᠡᠭᠯᠡᠭᠰᠡᠨ ᠤᠰᠤᠨ ᠤ ᠬᠡᠮᠵᠢᠶ᠎ᠠ ᠨᠢ 25138 ᠲᠦᠮᠡᠨ ᠪᠤᠰᠤᠭ᠎ᠠ ᠲᠦᠷᠪᠡᠯᠵᠢᠨ | ᠮᠧᠲᠷ ᠲᠤ ᠬᠦᠷᠴᠠᠢ᠃ ᠡᠭᠦᠨ ᠳᠤ ᠨᠢᠬᠡᠳᠦᠬᠡᠷ ᠠᠵᠤ ᠦᠢᠯᠡᠰ ᠤᠨ ᠬᠡᠷᠡᠭᠯᠡᠭᠰᠡᠨ ᠤᠰᠤᠨ ᠤ ᠬᠡᠮᠵᠢᠶ᠎ᠠ ᠨᠢ | 18695 ᠲᠦᠮᠡᠨ ᠪᠤᠰᠤᠭ᠎ᠠ ᠲᠦᠷᠪᠡᠯᠵᠢᠨ ᠮᠧᠲᠷ ᠲᠤ ᠬᠦᠷᠴᠦ ᠪᠦᠬᠦ ᠬᠡᠷᠡᠭᠯᠡᠯᠳᠡ ᠶᠢᠨ 74.37% ᠶᠢ | ᠡᠵᠡᠯᠡᠭᠰᠡᠨ ᠢᠶᠠᠷ ᠮᠠᠯ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠠ ᠨᠡᠯᠢᠶᠡᠳ ᠶᠡᠭᠡ ᠪᠠᠶᠢᠬᠤ ᠶᠢ ᠬᠦᠢᠴᠡᠳ | ᠬᠠᠷᠠᠭᠤᠯᠵᠠᠢ᠃ ᠤᠰᠤᠨ ᠤ ᠬᠡᠷᠡᠭᠯᠡᠯᠳᠡ ᠶᠢ ᠵᠤᠬᠢᠰᠳᠠᠢ ᠬᠢᠵᠠᠭᠠᠷᠯᠠᠬᠤ ᠦᠬᠡᠢ ᠪᠣᠯ ᠮᠠᠯ ᠲᠠᠷᠢᠶᠠᠯᠠᠩ ᠤᠨ | ᠦᠢᠯᠡᠰ ᠤᠨ ᠢᠷᠡᠭᠡᠳᠦᠢ ᠶᠢᠨ ᠲᠤᠭᠳᠠᠭᠤᠨ ᠬᠦᠭᠵᠢᠯᠳᠡ ᠶᠢ ᠰᠢᠭᠤᠳ ᠨᠦᠯᠦᠬᠡᠯᠡᠬᠦ ᠶᠤᠮ᠃ ᠢᠩᠬᠢᠬᠡᠳ ᠮᠠᠨ ᠤ | ᠬᠤᠰᠢᠭᠤ ᠬᠤᠰᠢᠭᠤᠨ ᠤ ᠪᠠᠨ ᠪᠤᠳᠠᠳᠠᠢ ᠪᠠᠶᠢᠳᠠᠯ ᠳᠤ ᠲᠤᠬᠢᠷᠠᠭᠰᠠᠨ ᠪᠢᠴᠢᠭ ᠮᠠᠲ᠋ᠧᠷᠢᠶᠠᠯ᠂ ᠲᠦᠰᠦᠪ ᠲᠦᠯᠦᠪᠯᠡᠭᠡ᠂ | ᠬᠠᠮᠢᠶᠠᠷᠤᠯᠳᠠ ᠶᠢᠨ ᠠᠷᠭ᠎ᠠ ᠶᠢ ᠤᠷᠢᠳ ᠬᠤᠵᠢᠳ ᠲᠤᠭᠳᠠᠭᠠᠵᠤ ᠨᠢᠭᠡ ᠢᠵᠢ ᠪᠦᠷᠢᠨ ᠲᠦᠬᠦᠷᠴᠢᠯᠡᠭᠰᠡᠨ | ᠪᠠᠷᠢᠮᠵᠢᠶᠠᠳᠤ ᠳᠦᠷᠢᠮ ᠤᠨ ᠰᠢᠰᠲ᠋ᠧᠮ ᠢ ᠪᠤᠢ ᠪᠤᠯᠭᠠᠵᠤ ᠤᠰᠤᠨ ᠤ ᠬᠡᠷᠡᠭᠯᠡᠯᠳᠡ ᠶᠢ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠬᠤ ᠪᠠᠷ ᠪᠠᠶᠢᠨ᠎ᠠ᠃ | ᠮᠠᠰᠢᠨ ᠴᠠᠬᠢᠯᠭᠠᠨ ᠬᠤᠳᠳᠤᠭ ᠢ ᠪᠠᠶᠢᠴᠠᠭᠠᠨ ᠲᠠᠩᠰᠠᠯᠠᠭᠰᠠᠨ ᠤ ᠲᠠᠷᠠᠭ᠎ᠠ ᠬᠠᠤᠯᠢ ᠳᠦᠷᠢᠮ ᠳᠤ | ᠨᠡᠶᠢᠴᠡᠭᠰᠡᠨ ᠮᠠᠰᠢᠨ ᠴᠠᠬᠢᠯᠭᠠᠨ ᠬᠤᠳᠳᠤᠭ ᠲᠤ ᠳᠠᠩᠰᠠᠯᠠᠭᠰᠠᠨ ᠦᠨᠡᠮᠯᠡᠯ ᠤᠯᠭᠤᠵᠤ ᠪᠦᠬᠦ ᠬᠤᠰᠢᠭᠤᠨ ᠤ ᠮᠠᠰᠢᠨ | ᠴᠠᠬᠢᠯᠭᠠᠨ ᠬᠤᠳᠳᠤᠭ ᠤᠨ ᠪᠦᠲᠦᠭᠡᠨ ᠪᠠᠶᠢᠭᠤᠯᠤᠯᠲᠠ ᠶᠢ ᠲᠦᠷᠢᠮᠵᠢᠬᠦᠯᠵᠤ ᠬᠠᠤᠯᠢ ᠳᠦᠷᠢᠮ ᠳᠤ ᠨᠡᠶᠢᠴᠡᠬᠦ ᠦᠭᠡᠢ | ᠮᠠᠰᠢᠨ ᠴᠠᠬᠢᠯᠭᠠᠨ ᠬᠤᠳᠳᠤᠭ ᠢ ᠬᠠᠤᠯᠢ ᠶᠣᠰᠣᠭᠠᠷ ᠴᠠᠭᠠᠵᠠᠯᠠᠵᠤ ᠬᠠᠭᠠᠬᠤ ᠳᠤ ᠦᠨᠳᠦᠰᠦᠯᠠᠯ ᠬᠠᠩᠭᠠᠵᠤ ᠪᠠᠶᠢᠨ᠎ᠠ᠃ | |