ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠠᠵᠢᠯ ᠤᠨ ᠳᠤᠬᠠᠢ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2020-04-09
                                ᠦᠣᠰᠢᠨ ᠵᠠᠰᠠᠭ ᠳᠠᠷᠬᠠᠭᠠᠬᠤ ﹇2020﹈ 1 ᠳ᠋ᠦ᠋ᠭᠡᠷ ᠳᠣᠭᠠᠳᠣ    ᠡᠯ᠎ᠡ ᠠᠵᠣ ᠠᠬᠤᠢ ᠶᠢᠨ ᠨᠡᠬᠡᠬᠡᠯᠳᠡ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠨᠢᠭᠡᠴᠢ ᠳᠤ᠄      ᠣᠳᠣᠬᠠᠨ ᠳᠤ ᠮᠠᠨ ᠤ ᠬᠤᠰᠢᠭᠤ ᠨᠢᠭᠡᠨᠳᠡ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠠᠮᠠᠷᠬᠠᠨ ᠡᠬᠦᠰᠬᠦ ᠲᠦᠭᠰᠢᠬᠦᠷᠢᠲᠡᠢ ᠬᠤᠭᠤᠴᠠᠭᠠᠨ ᠳᠤ ᠤᠷᠤᠵᠠᠢ᠃ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠠᠵᠢᠯ ᠢ ᠣᠯᠠᠮ ᠨᠢᠬᠡ ᠠᠯᠬᠤᠮ ᠴᠢᠩᠭᠠᠳᠬᠠᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠬᠦᠰᠬᠦ ᠶᠢ ᠪᠦᠲᠦᠮᠵᠢᠲᠡᠢ ᠰᠡᠷᠬᠡᠶᠢᠯᠡᠨ ᠡᠵᠡᠮᠳᠡᠵᠦ ᠠᠷᠠᠳ ᠲᠥᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠪᠠ ᠬᠢᠯᠪᠡᠷ ᠪᠤᠰᠤ ᠪᠠᠷ ᠣᠯᠣᠭᠰᠠᠨ ᠠᠮᠢ ᠠᠬᠤᠢ  ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠬᠡᠯ ᠢ ᠬᠠᠮᠠᠭᠠᠯᠠᠵᠤ ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠣᠢ ᠰᠢᠭᠤᠢ ᠨᠣᠳᠤᠭ ᠪᠡᠯᠴᠢᠬᠡᠷ ᠤᠨ ᠭᠠᠯ ᠤᠨ ᠠᠶᠣᠯ ᠤᠨ ᠰᠠᠷᠬᠡᠶᠢᠯᠡᠯᠳᠡ ᠶᠢᠨ ᠲᠦᠷᠢᠮ︾ ᠤᠨ ᠳᠣᠭᠳᠠᠭᠠᠯ ᠢ ᠦᠨᠳᠣᠰᠣᠯᠡᠨ ᠪᠥᠬᠦ ᠬᠤᠰᠢᠭᠤᠨ ᠤ ᠬᠡᠪᠴᠢᠶᠡᠨ ᠳᠤ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠠᠵᠢᠯ ᠢ ᠶᠠᠪᠣᠭᠳᠠᠭᠤᠯᠬᠤ ᠪᠠᠷ ᠳᠣᠭᠳᠠᠪᠠ᠂ ᠵᠠᠷᠯᠢᠭ ᠳᠣᠣᠷᠠᠬᠢ ᠮᠡᠲᠦ᠃      ᠨᠢᠭᠡ᠂ ᠭᠠᠯ ᠤᠨ ᠠᠶᠤᠯ ᠤᠨ ᠰᠠᠷᠬᠡᠶᠢᠯᠡᠯᠳᠡ ᠶᠢᠨ ᠠᠵᠢᠯ ᠤᠨ ᠵᠠᠬᠢᠷᠣᠨ ᠬᠠᠮᠢᠶᠠᠷᠬᠤ ᠬᠤᠭᠤᠴᠠᠭ᠎ᠠ᠄ 2020 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠬᠥᠷᠲᠡᠯ᠎ᠡ᠃      ᠬᠤᠶᠠᠷ᠂ ᠭᠠᠯ ᠤᠨ ᠠᠶᠤᠯ ᠤᠨ ᠰᠠᠷᠬᠡᠶᠢᠯᠡᠯᠳᠡ ᠶᠢᠨ ᠠᠵᠢᠯ ᠤᠨ ᠵᠠᠬᠢᠷᠣᠨ ᠬᠠᠮᠢᠶᠠᠷᠬᠤ ᠣᠷᠣᠨ᠄ ᠪᠥᠬᠦ ᠬᠤᠰᠢᠭᠤᠨ ᠤ ᠡᠯ᠎ᠡ ᠤᠯᠤᠰ ᠤᠨ ᠦᠮᠴᠢᠯᠡᠯᠲᠤ᠂ ᠬᠠᠮᠲᠦ ᠂ ᠬᠤᠪᠢ ᠶᠢᠨ ᠣᠢ ᠰᠢᠭᠤᠢ ᠶᠢᠨ ᠳᠠᠯᠠᠪᠣᠷ᠂ ᠡᠯᠡᠰᠦ ᠮᠠᠩᠬ᠎ᠠ ᠶᠢᠨ ᠰᠤᠳᠤᠯᠭᠠᠨ ᠤ ᠲᠥᠪ᠂ ᠬᠠᠶᠢᠯᠠᠷ ᠨᠠᠷᠠᠰᠤᠨ ᠮᠤᠳᠤ ᠲᠠᠷᠢᠬᠤ ᠰᠠᠭᠤᠷᠢᠨ ᠭᠠᠵᠠᠷ᠂ ᠰᠢᠷᠬᠤᠰᠤ ᠤᠯᠤᠰ ᠤᠨ ᠨᠣᠭᠤ ᠭᠠᠵᠠᠷ ᠤᠨ ᠴᠡᠴᠡᠷᠯᠢᠭ᠂ ᠬᠤᠲᠠ ᠶᠢ ᠲᠣᠭᠤᠷᠢᠭᠰᠠᠨ ᠣᠢ ᠶᠢᠨ ᠪᠥᠰᠡ᠂ ᠣᠢ ᠰᠢᠭᠤᠢ ᠨᠤᠲᠤᠭ ᠪᠡᠯᠴᠢᠭᠡᠷ ᠢᠶᠠᠷ ᠭᠤᠣᠯᠯᠠᠭᠰᠠᠨ ᠵᠢᠭᠤᠯᠴᠢᠯᠠᠯ ᠤᠨ ᠣᠷᠣᠨ᠂ ᠠᠮᠢ ᠠᠬᠤᠢ ᠶᠢᠨ ᠰᠡᠷᠭᠦᠯᠲᠡ ᠶᠢᠨ ᠣᠷᠣᠨ᠂ ᠤᠯᠤᠰ ᠤᠨ ᠭᠤᠣᠯᠳᠠᠯᠭᠠᠲᠤ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠳᠠᠷᠢᠮᠠᠯ ᠰᠢᠯᠮᠤᠤᠰᠤᠳᠤ ᠮᠤᠳᠤᠨ ᠣᠢ ᠶᠢᠨ ᠣᠷᠣᠨ ᠵᠢᠴᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠠᠯ ᠰᠠᠷᠬᠡᠶᠢᠯᠡᠯᠳᠡ ᠶᠢᠨ ᠪᠣᠰᠤᠳ ᠭᠤᠣᠯᠳᠠᠯᠭᠠᠲᠤ ᠣᠷᠣᠨ᠃      ᠭᠤᠷᠪᠠ᠂ ᠡᠯ᠎ᠡ ᠠᠵᠣ ᠠᠬᠤᠢ ᠶᠢᠨ ᠨᠡᠬᠡᠬᠡᠯᠳᠡ ᠶᠢᠨ ᠳᠣᠭᠤᠷᠢᠭ ︵ᠬᠦᠷᠢᠶᠠᠯᠠᠩ︶᠂ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠪᠠᠶᠢᠭᠤᠯᠭ᠎ᠠ ᠨᠢᠬᠡᠴᠢ ᠡᠷᠬᠡᠪᠰᠢ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠢ ᠰᠡᠷᠭᠡᠶᠢᠯᠡᠬᠦ ︽ᠲᠠᠪᠤᠨ ᠪᠠᠷᠢᠮᠵᠢᠶ᠎ᠠ︾ ᠶᠢ ᠴᠢᠩᠭ᠎ᠠ ᠬᠡᠷᠡᠭᠵᠢᠭᠦᠯᠵᠦ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠢ ᠰᠠᠷᠬᠡᠶᠢᠯᠡᠬᠦ ᠬᠠᠷᠢᠭᠤᠴᠠᠯᠭ᠎ᠠ ᠶᠢᠨ ᠳᠥᠷᠢᠮ ᠢ ᠭᠦᠨᠵᠡᠭᠡᠢ ᠳᠣᠭᠤᠰᠢᠯᠠᠭᠤᠯᠣᠨ ᠨᠠᠶᠢᠲᠠᠪᠤᠷᠢᠵᠢᠭᠤᠯᠵᠤ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠠᠵᠢᠯ ᠢ ᠪᠠᠶᠢᠷᠢᠯᠠᠭᠤᠯᠤᠨ ᠪᠠᠶᠢᠴᠠᠭᠠᠵᠤ ᠠᠰᠠᠭᠤᠳᠠᠯ ᠪᠠᠶᠢᠪᠠᠯ ᠴᠠᠭ ᠳᠣᠬᠠᠢ ᠳᠤᠨᠢ ᠴᠡᠭᠴᠡᠯᠡᠨ ᠰᠠᠶᠢᠵᠢᠷᠠᠭᠤᠯᠵᠤ ᠭᠠᠯ ᠤᠨ ᠠᠶᠤᠯ ᠭᠠᠷᠪᠠᠯ ᠡᠷᠬᠡᠪᠰᠢ ᠳᠣᠬᠠᠢ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠪᠡᠶ᠎ᠡ ᠪᠠᠷ ᠢᠶᠠᠨ ᠵᠢᠯᠣᠭᠤᠳᠬᠤ ᠬᠡᠷᠡᠭᠲᠡᠢ᠃      ᠳᠥᠷᠪᠡ᠂ ᠭᠠᠯ ᠤᠨ ᠠᠶᠣᠯ ᠤᠨ ᠰᠡᠷᠬᠡᠶᠢᠯᠡᠯᠳᠡ ᠶᠢᠨ ᠵᠠᠬᠢᠷᠣᠨ ᠬᠠᠮᠢᠶᠠᠷᠬᠤ ᠣᠷᠣᠨ ᠤ ᠳᠣᠲᠣᠷ᠎ᠠ ᠭᠡᠬᠦᠷ ᠣᠩᠭᠤᠨ ᠳᠤ ᠰᠢᠷᠤᠢ ᠨᠡᠮᠡᠵᠤ ᠴᠠᠭᠠᠰᠤ ᠲᠦᠯᠡᠬᠦ᠂ ᠳᠠᠮᠡᠬᠢ ᠳᠠᠳᠠᠬᠤ᠂ ᠬᠤᠸᠠᠷ ᠫᠣᠤᠵᠢᠩ ᠲᠠᠯᠪᠢᠬᠤ᠂ ᠳᠤᠯᠠᠭᠠᠴᠠᠬᠤ᠂ ᠡᠪᠡᠰᠤ ᠰᠢᠳᠠᠭᠠᠬᠤ᠂ ᠬᠡᠭᠡᠷ᠎ᠡ ᠭᠠᠳᠠᠨ᠎ᠠ ᠬᠤᠭᠤᠯᠠᠯᠠᠬᠤ᠂ ᠵᠡᠷᠭᠡ ᠶᠢ ᠴᠢᠩᠭ᠎ᠠ ᠬᠤᠷᠢᠭᠯᠠᠬᠤ ᠬᠡᠷᠡᠭᠲᠡᠢ ᠃ ᠣᠢ ᠰᠢᠭᠤᠢ ᠡᠪᠡᠰᠤᠲᠤ ᠭᠠᠵᠠᠷ ᠤᠨ ᠬᠠᠵᠠᠭᠤ ᠬᠠᠪᠢ᠂ ᠣᠢ ᠰᠢᠭᠤᠢ ᠲᠠᠷᠢᠶᠠᠯᠠᠩ ᠤᠨ ᠨᠡᠶᠢᠯᠡᠯ ᠬᠡᠰᠡᠭ ᠢᠶᠠᠷ ᠴᠤᠷᠮᠠᠳᠠᠬᠤ᠂ ᠡᠰᠢ ᠰᠦᠷᠡᠯ ᠢ ᠰᠢᠳᠠᠭᠠᠬᠤ᠂ ᠬᠤᠭ ᠨᠤᠪᠰᠢ ᠶᠢ ᠰᠢᠳᠠᠭᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠭᠠᠯ ᠤᠨ ᠣᠴᠢ ᠲᠠᠢ ᠦᠯᠡᠳᠡᠭᠰᠡᠨ ᠰᠢᠲᠠᠮᠠᠬᠠᠢ ᠪᠣᠳᠠᠰ ᠢ ᠬᠡᠭᠡᠷ᠎ᠡ ᠭᠠᠳᠠᠨ᠎ᠠ ᠠᠰᠬᠠᠵᠤ ᠬᠠᠶᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠦᠢᠯᠡᠳᠪᠥᠷᠢᠯᠡᠯ ᠪᠠ ᠠᠮᠢᠳᠤᠷᠠᠯ ᠤᠨ ᠣᠨᠴᠠᠭᠠᠢ ᠪᠠᠶᠢᠳᠠᠯ ᠠᠴᠠ ᠪᠣᠯᠵᠤ ᠭᠠᠯ ᠬᠡᠷᠡᠭᠯᠡᠬᠦ ᠴᠢᠬᠤᠯᠠᠲᠠᠢ ᠪᠣᠯ ᠲᠤᠬᠠᠢ ᠶᠢᠨ ᠭᠠᠵᠠᠷ ᠤᠨ ᠭᠠᠯ ᠤᠨᠳᠠᠷᠠᠭᠠᠬᠤ ᠵᠢᠯᠤᠭᠤᠳᠬᠤ ᠭᠠᠵᠠᠷ ᠤᠨ ᠵᠦᠪᠰᠢᠶᠡᠷᠡᠯ ᠢᠶᠠᠷ ᠳᠠᠮᠵᠢᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠨᠠᠶᠢᠲᠠᠪᠤᠷᠢᠲᠠᠢ ᠠᠷᠭ᠎ᠠ ᠬᠡᠮᠵᠢᠶ᠎ᠡ ᠠᠪᠤᠪᠠᠯ ᠰᠠᠶ᠋ᠢ ᠭᠠᠯ ᠬᠡᠷᠡᠭᠯᠡᠵᠦ ᠪᠣᠯᠤᠨ᠎ᠠ᠃ ᠲᠦᠷᠪᠡᠳᠤᠭᠡᠷ ᠳᠡᠰ ᠠᠴᠠ ᠳᠡᠭᠡᠭᠰᠢ ᠳᠡᠰ ᠤᠨ ᠰᠠᠯᠬᠢᠨ ᠲᠠᠢ ᠪᠠᠶᠢᠬᠤ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠬᠤᠷᠢᠭᠯᠠᠨ᠎ᠠ᠃      ᠲᠠᠪᠤ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠴᠡᠭ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠡᠷᠬᠡᠪᠰᠢ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ ᠭᠠᠯ ᠤᠨᠲᠠᠷᠠᠭᠠᠬᠤ ᠮᠠᠰᠢᠨ ᠪᠠᠭᠠᠵᠢ ᠶᠢ ᠬᠦᠢᠴᠡᠳ ᠲᠤᠬᠢᠷᠠᠭᠤᠯᠤᠨ ᠪᠣᠯᠪᠠᠰᠤᠷᠠᠯ ᠬᠦᠷᠲᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠲᠣᠬᠢᠷᠠᠭᠤᠯᠬᠤ ᠬᠡᠷᠡᠭᠲᠡᠶ᠃ ︽ᠣᠢ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 541ᠳ᠋ᠤᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 542 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠣᠢ ᠰᠢᠭᠤᠶ ᠬᠠᠮᠠᠭᠠᠯᠠᠭᠴᠢ᠂ ᠰᠦᠢᠳᠬᠡᠯ ᠬᠤᠷᠢᠶᠠᠬᠤ ᠥᠷᠲᠡᠭᠡ᠂ ᠵᠠᠰᠠᠮᠠᠯ ᠵᠠᠮ ᠤᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠢ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠠᠶᠠᠭᠳᠠᠵᠤ ᠬᠡᠬᠡᠭᠳᠡᠭᠰᠡᠨ ᠨᠡᠭᠦᠷᠡᠰᠦᠨ ᠰᠢᠭᠠᠷᠤ᠂ ᠡᠯᠳᠡᠪ ᠡᠪᠡᠰᠦ ᠵᠡᠷᠭᠡ ᠰᠢᠲᠠᠮᠠᠬᠠᠶ ᠪᠣᠳᠠᠰ ᠢ ᠲᠦᠢᠯᠪᠤᠷᠢᠲᠠᠶ ᠠᠷᠢᠯᠭᠠᠵᠤ ᠠᠮᠢ ᠠᠬᠤᠢ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠴᠤᠷᠮᠠᠳᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ︵ᠲᠠᠯᠠᠩ︶ ᠰᠢᠲᠠᠭᠠᠬᠤ᠂ ᠰᠢᠲᠠᠭᠠᠵᠤ ᠦᠨᠡᠰᠦ ᠪᠤᠯᠭᠠᠨ ᠪᠣᠷᠳᠣᠭᠤᠷ ᠴᠤᠭᠯᠠᠭᠤᠯᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃      ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠬᠦᠢᠯᠭᠡᠭᠡ᠂ ᠲᠦᠷᠭᠡᠨ ᠬᠦᠷᠭᠡᠯᠲᠡ᠂ ᠨᠡᠭᠦᠷᠡᠰᠦ ᠵᠡᠷᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠦᠭᠦᠳ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠮᠠᠰᠢᠨ ᠲᠡᠷᠭᠡ᠂ ᠬᠥᠮᠦᠰ ᠲᠤ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠬᠢᠬᠦ ᠪᠣᠯᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠠᠮᠠᠬᠢᠨ ᠶᠤᠵᠤᠭᠤᠷ᠂ ᠭᠠᠯ ᠲᠠᠢ ᠨᠡᠭᠦᠷᠡᠰᠦ ᠵᠡᠷᠭᠡ ᠭᠠᠯ ᠤᠨ ᠡᠬᠦᠰᠪᠤᠷᠢ ᠶᠢ ᠬᠠᠶᠠᠬᠤ ᠶᠢ ᠴᠢᠩᠭ᠎ᠠ ᠴᠠᠭᠠᠵᠠᠯᠠᠵᠤ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠪᠣᠭᠤᠳᠠᠯ ᠨᠢ ᠰᠤᠯᠠ ᠠᠴᠠ ᠪᠤᠯᠵᠤ ᠨᠡᠭᠦᠷᠡᠰᠦᠨ ᠰᠢᠭᠠᠷᠤ ᠶᠢ ᠠᠭᠤᠷᠬᠠᠢ ᠶᠢᠨ ᠣᠷᠣᠨ ᠤ ᠭᠠᠳᠠᠨᠠᠬᠢ ᠣᠷᠣᠨ ᠪᠦᠰᠡ ᠳᠤ ᠭᠤᠭᠤᠵᠢᠭᠤᠯᠵᠤ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠢᠯᠣᠭᠤᠴᠢ᠂ ᠲᠡᠷᠭᠡ ᠲᠠᠭᠠᠭᠰᠠᠨ ᠬᠠᠮᠢᠶᠠᠷᠤᠭᠴᠢ ᠪᠣᠯ ᠭᠠᠯ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠶᠢᠲᠤ ᠣᠷᠣᠨ᠂ ᠨᠤᠲᠤᠭ ᠪᠡᠯᠴᠢᠭᠡᠷ ᠤᠨ ᠣᠷᠣᠨ ᠳᠤ ᠨᠡᠪᠲᠡᠷᠡᠬᠦ ᠵᠠᠮ ᠤᠨ ᠠᠭᠤᠯᠵᠠᠷ ᠲᠤ ᠲᠦᠷ ᠴᠠᠭ ᠤᠨ ᠭᠠᠯ ᠰᠡᠷᠭᠡᠶᠢᠯᠡᠬᠦ ᠪᠠᠶᠢᠴᠠᠭᠠᠬᠤ ᠦᠷᠳᠡᠭᠡ ᠪᠠᠶᠢᠭᠤᠯᠵᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢᠨ ᠣᠷᠣᠨ ᠢᠶᠠᠷ ᠥᠩᠭᠡᠷᠡᠬᠦ ᠲᠡᠷᠭᠡ ᠡᠷᠬᠡᠪᠰᠢ ᠵᠢᠵᠢᠭᠦᠷᠯᠡᠭᠴᠢ ᠶᠢᠨ ᠪᠠᠶᠢᠴᠠᠭᠠᠯᠲᠠ ᠶᠢ ᠨᠥᠬᠦᠴᠡᠯ ᠦᠭᠡᠢ ᠪᠠᠷ ᠬᠦᠯᠢᠶᠡᠵᠤ ᠭᠠᠯ ᠤᠨ ᠡᠬᠦᠰᠪᠤᠷᠢ ᠶᠢ ᠠᠪᠴᠤ ᠶᠠᠪᠤᠵᠤ ᠪᠠᠶᠢᠬᠤ ᠶᠢ ᠣᠯᠵᠤ ᠮᠡᠳᠡᠪᠡᠯ ᠡᠷᠡᠰ ᠦᠯᠡᠳᠡᠭᠡᠨ ᠠᠪᠴᠤ ᠭᠠᠯ ᠤᠨ ᠡᠬᠦᠰᠪᠦᠷᠢ ᠶᠢ ᠣᠢ ᠰᠢᠭᠤᠶ ᠳᠤ ᠠᠪᠴᠦ ᠣᠷᠣᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠶ᠃      ᠳᠣᠯᠤᠭ᠎ᠠ᠂ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠴᠠᠭ ᠢᠮᠠᠭᠲᠠ ᠲᠠᠶᠢᠨ ᠳᠤ ᠤᠷᠤᠯᠴᠠᠬᠤ ᠪᠡᠯᠡᠳᠬᠡᠯ ᠲᠠᠢ ᠪᠠᠶᠢᠵᠤ ᠭᠠᠯ ᠤᠨ ᠠᠶᠤᠯ ᠤᠨ ᠪᠠᠶᠢᠳᠠᠯ ᠢ ᠣᠯᠵᠤ ᠮᠡᠳᠡᠪᠡᠯ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠲᠡ ᠴᠣᠬᠢᠬᠤ᠂ ᠪᠠᠭ᠎ᠠ ᠲᠡᠭᠡᠷ᠎ᠡ ᠨᠢ ᠴᠣᠬᠢᠬᠤ ᠂ ᠪᠦᠬᠦᠨ ᠢ ᠴᠣᠬᠢᠬᠤ︾ ᠶᠢ ᠪᠡᠶᠡᠯᠡᠭᠦᠯᠵᠦ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃      ᠨᠠᠢᠮᠠ᠂ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠬᠦᠢᠴᠡᠳᠬᠡᠬᠦ ᠦᠭᠡᠶ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠶ᠂ ᠭᠠᠯ ᠤᠨ ᠠᠶᠤᠯ ᠤᠨ ᠳᠠᠯᠳᠠ ᠭᠡᠮ ᠢ ᠠᠷᠢᠯᠭᠠᠬᠤ ᠦᠭᠡᠶ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠭᠰᠡᠨ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠠᠨᠠᠮᠰᠠᠷ ᠦᠭᠡᠢ ᠪᠤᠶᠤ ᠵᠤᠷᠢᠭᠤᠳᠠ ᠭᠠᠷᠭᠠᠭᠰᠠᠨ ᠵᠡᠷᠭᠡ ᠶᠢ ︽ᠤᠢ ᠰᠢᠭᠤᠢ  ᠶᠢᠨ ᠭᠠᠯ ᠰᠡᠷᠭᠡᠶᠢᠯᠡᠬᠦ ᠳᠦᠷᠢᠮ︾ ᠪᠣᠯᠤᠨ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ ᠪᠠᠶᠢᠭᠤᠯᠭ᠎ᠠ ᠨᠢᠭᠡᠴᠢ ᠶᠢ 2000 ᠲᠥᠭᠦᠷᠢᠭ ᠠᠴᠠ 10 ᠲᠦᠮᠡᠨ ᠲᠥᠭᠦᠷᠢᠭ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 200 ᠲᠥᠭᠦᠷᠢᠭ ᠠᠴᠠ 5000 ᠲᠥᠭᠦᠷᠢᠭ ᠵᠣᠭᠤᠰ ᠢᠶᠠᠷ ᠲᠣᠷᠭᠠᠨ᠎ᠠ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠨ ᠬᠢᠨ ᠬᠡᠭᠡᠷ᠎ᠡ ᠭᠠᠳᠠᠨ᠎ᠠ ᠲᠣᠭᠲᠠᠭᠠᠯ ᠠᠴᠠ ᠵᠦᠷᠢᠴᠡᠨ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠡᠷᠡᠭ ᠢ ᠴᠠᠭ ᠲᠤᠬᠠᠶ ᠳᠤᠨᠢ ᠳᠠᠭᠤᠰᠬᠠᠬᠤ ᠬᠡᠷᠡᠭᠲᠡᠶ᠃      ᠶᠢᠰᠦ᠂ ᠬᠠᠷᠢᠶ᠎ᠠ ᠣᠷᠣᠨ ᠤ ᠳᠣᠲᠣᠷ᠎ᠠ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠶ᠂ ᠭᠠᠯ ᠤᠨ ᠡᠭᠦᠰᠪᠦᠷᠢ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠶ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠦᠭᠡᠶ᠂ ᠭᠠᠯ ᠤᠨᠲᠠᠷᠠᠭᠠᠬᠤ ᠠᠵᠢᠯ ᠢ ᠰᠠᠶᠢᠲᠤᠷ ᠵᠤᠬᠢᠶᠠᠨ ᠪᠠᠶᠢᠭᠤᠯᠤᠭᠰᠠᠨ ᠦᠭᠡᠢ᠂ ᠬᠢᠨᠠᠯᠲᠠ ᠪᠠᠶᠢᠴᠠᠭᠠᠯᠲᠠ ᠶᠢ ᠪᠣᠳᠠᠲᠠᠶᠢᠵᠢᠭᠤᠯᠤᠭᠰᠠᠨ ᠦᠭᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠪᠠᠶᠢᠴᠠᠭᠠᠵᠤ ᠢᠯᠡᠷᠡᠬᠦᠯᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃      ᠠᠷᠪᠠ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠣᠢ ᠰᠢᠭᠤᠶ ᠨᠤᠲᠤᠭ ᠪᠡᠯᠴᠢᠭᠡᠷ ᠲᠤ ᠭᠠᠯ ᠤᠨ ᠠᠶᠤᠯ ᠡᠬᠦᠰᠬᠦ ᠶᠢ ᠣᠯᠵᠤ ᠮᠡᠳᠡᠪᠡᠯ ᠴᠥᠮ ᠲᠤᠬᠠᠶ ᠶᠢᠨ ᠭᠠᠵᠠᠷ ᠤᠨ ᠭᠠᠯ ᠰᠡᠷᠭᠡᠶᠢᠯᠡᠬᠦ ᠵᠢᠯᠣᠭᠤᠳᠬᠤ ᠭᠠᠵᠠᠷ ᠪᠤᠶᠤ ᠬᠤᠰᠢᠭᠤᠨ ᠤ ᠭᠠᠯ ᠰᠡᠷᠭᠡᠶᠢᠯᠡᠬᠦ ︵ᠤᠨᠲᠠᠷᠠᠭᠠᠬᠤ︶ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ︵ᠮᠡᠳᠡᠭᠦᠯᠬᠦ ᠤᠲᠠᠰᠤ᠄ 12119︶᠃ ᠶᠠᠮᠠᠷᠪᠠ ᠨᠢᠭᠡᠴᠢ ᠪᠣᠯᠤᠨ ᠬᠤᠪᠢ ᠬᠥᠮᠦᠨ ᠮᠡᠳᠡᠭᠦᠯᠬᠦ ᠳᠤ ᠰᠦᠢᠳᠬᠡᠯ ᠬᠤᠷᠢᠶᠠᠬᠤ ᠦᠭᠡᠢ ᠲᠦᠬᠦᠮ ᠦᠵᠡᠬᠦᠯᠵᠤ ᠣᠢ ᠰᠢᠭᠤᠶ ᠨᠤᠲᠤᠭ ᠪᠡᠯᠴᠢᠭᠡᠷ ᠲᠤ ᠭᠠᠯ ᠤᠨ ᠠᠶᠤᠯ ᠡᠬᠦᠰᠦᠭᠰᠡᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠶ᠃                                          ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                               2020 ᠣᠨ ᠤ 3 ᠰᠠᠷ᠎ᠠ ᠶᠢᠨ 14 ᠤ ᠡᠳᠦᠷ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号