5 ᠰᠠᠷ᠎ᠠ ᠶᠢᠨ 6 ᠤ ᠡᠳᠦᠷ᠂ 2020 ᠤᠨ ᠤ ᠦᠪᠡᠷᠳᠡᠬᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ | ᠪᠠᠶᠢᠭᠤᠯᠤᠯᠳᠡ ᠶᠢᠨ ᠵᠦᠪᠯᠡᠯ ᠤᠨ ᠬᠤᠷᠠᠯ ᠵᠢᠴᠢ ᠪᠦᠬᠦ ᠤᠷᠤᠨ ᠤ ᠪᠤᠯᠪᠠᠰᠤᠨ ᠦᠪᠦᠷ ᠮᠤᠩᠭᠤᠯ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠦᠬᠡᠬᠤᠲᠠ ᠳᠤ ᠬᠤᠷᠠᠯᠳᠤᠵᠤ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠣᠬᠠᠭᠤᠯᠬᠤ | ᠬᠡᠯᠳᠡᠰ ᠤᠨ ᠳᠠᠷᠤᠭ᠎ᠠ ᠹᠧᠩ ᡁᠢ ᠮᠢᠩ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ | ᠣᠷᠣᠯᠴᠠᠪᠠ᠃ | | | | | | | ᠬᠤᠷᠠᠯ ᠳᠤ ᠤᠯᠠᠨ ᠳᠦᠮᠡᠨᠴᠢ ᠴᠢᠨᠠᠷᠳᠠᠢ ᠪᠤᠯᠪᠠᠰᠤᠨ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢᠨ | ︽2 + 7︾ ᠢᠵᠢ ᠪᠦᠷᠢᠳᠦᠬᠦᠯᠦᠭᠰᠡᠨ ᠪᠢᠴᠢᠭ ᠮᠠᠲ᠋ᠧᠷᠢᠶᠠᠯ ᠢ ᠳᠤᠭᠤᠷᠪᠢᠬᠰᠠᠨ ᠪᠠᠶᠢᠳᠠᠯ ᠪᠤᠯᠤᠨ ᠭᠤᠤᠯ | ᠠᠭᠤᠯᠭ᠎ᠠ ᠶᠢ ᠨᠡᠶᠢᠳᠡᠯᠡᠵᠥ᠂ ᠤᠷᠤᠨ ᠤ ᠰᠢᠭᠤᠳ ᠬᠠᠷᠢᠶ᠎ᠠ 7 ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠨ | ᠤᠪᠤᠷ ᠢᠶᠠᠨ ᠢᠯᠡᠳᠬᠡᠬᠦ ᠦᠬᠡ ᠬᠡᠯᠡᠪᠡ᠃ | ᠬᠤᠷᠠᠯ ᠠᠴᠠ ᠵᠢᠭᠠᠬᠤ ᠳᠠᠭᠠᠨ᠂ ᠤᠯᠠᠨ ᠳᠦᠮᠡᠨᠴᠢ ᠴᠢᠨᠠᠷᠳᠠᠢ ᠪᠤᠯᠪᠠᠰᠤᠨ ᠦᠪᠦᠷ ᠮᠤᠩᠭᠤᠯ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠪᠤᠯᠤᠨ ᠨᠠᠮ ᠤᠨ ᠳᠦᠪ ᠬᠤᠷᠢᠶᠠᠨ ᠤ | ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠤᠯᠭᠠᠮ | ᠱᠠᠭᠠᠷᠳᠠᠯᠭ᠎ᠠ ᠮᠦᠨ᠂ ᠰᠢᠨ᠎ᠡ ᠴᠠᠬ ᠦᠶ᠎ᠡ ᠶᠢᠨ ᠪᠤᠯᠪᠠᠰᠤᠨ ᠤ ᠦᠢᠯᠡᠳᠦᠯᠬᠡ ᠶᠢᠨ ᠠᠵᠢᠯ ᠢ ᠴᠢᠩᠭᠠᠳᠬᠠᠬᠤ᠂ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ ᠤ ᠢᠯᠠᠯᠳᠠ ᠶᠢ ᠡᠷᠡᠰ ᠤᠯᠬᠤ᠂ | ᠦᠨᠳᠦᠰᠦᠳᠡᠨ ᠨᠦᠭᠦᠳ ᠤᠨ ᠠᠷᠠᠳ ᠳᠦᠮᠡᠨ ᠳᠤ ᠨᠡᠩ ᠰᠠᠶᠢᠳᠤᠷ ᠦᠢᠯᠡᠴᠢᠯᠡᠬᠦ ᠶᠢᠨ ᠳᠤᠯᠭᠠᠮ ᠱᠠᠭᠠᠷᠳᠠᠯᠭ᠎ᠠ ᠮᠦᠨ | ᠃ ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠤᠨ ᠬᠢᠨ ᠦᠵᠠᠯ ᠰᠠᠨᠠᠭ᠎ᠠ ᠦᠵᠡᠯᠳᠡ ᠳᠠᠨᠢᠯᠳᠡ ᠪᠠᠨ | ᠳᠡᠬᠡᠭᠰᠢᠯᠡᠬᠦᠯᠵᠥ᠂ ᠬᠠᠷᠠᠯᠳᠠ ᠡᠬᠦᠷᠬᠡ ᠪᠠᠨ ᠳᠤᠳᠤᠷᠬᠠᠢᠢᠯᠠᠵᠥ ᠤᠯᠠᠨ ᠳᠦᠮᠡᠨᠴᠢ ᠴᠢᠨᠠᠷᠳᠠᠢ ᠪᠤᠯᠪᠠᠰᠤᠨ ᠦᠪᠦᠷ | ᠮᠤᠩᠭᠤᠯ ᠤᠨ ᠪᠦᠳᠦᠬᠡᠨ ᠪᠠᠶᠢᠭᠤᠯᠤᠯᠳᠠ ᠶᠢᠨ ᠳᠤᠰᠢᠶᠠᠯ ᠬᠠᠷᠢᠭᠤᠴᠠᠯᠭ᠎ᠠ ᠶᠢ ᠦᠨᠡᠨ ᠬᠦ ᠡᠬᠦᠷᠬᠡᠯᠡᠵᠥ᠂ ᠪᠤᠯᠪᠠᠰᠤᠨ | ᠪᠠᠶᠢᠬᠤ ᠶᠢ ᠦᠪᠦᠷ ᠮᠤᠩᠭᠤᠯ ᠤᠨ ᠠᠷᠠᠳ ᠳᠦᠮᠡᠨ ᠤ ᠵᠠᠩ ᠴᠢᠨᠠᠷ ᠪᠠ ᠳᠦᠷᠢ ᠳᠦᠷᠬᠦ ᠪᠤᠯᠭᠠᠬᠤ ᠬᠡᠷᠡᠭᠳᠡᠢ ᠬᠡᠪᠡ᠃ | | | | | | | ᠳᠣᠰ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠣᠬᠠᠢ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠤᠨ ᠳᠠᠷᠠᠭ᠎ᠠ ᠳᠠᠬᠢᠨ ᠪᠠᠶᠢᠷᠢᠯᠠᠭᠤᠯᠣᠯᠲᠠ ᠬᠢᠵᠦ ᠴᠢᠬᠤᠯᠠᠴᠢᠯᠠᠬᠤ | ᠳᠠᠭᠠᠨ᠂ ︽ᠨᠠᠮ ᠤᠨ ᠪᠠᠶᠢᠭᠤᠯᠣᠯᠳᠠ ᠪᠠᠷ ᠳᠠᠶᠢᠯᠠᠨ ᠳᠠᠭᠠᠭᠤᠯᠵᠦ ᠨᠣᠮᠢᠨ ᠳᠠᠩᠰᠤᠭ ᠬᠦᠭᠵᠢᠨ ᠮᠠᠨᠳᠣᠯᠳᠠ ᠶᠢ | ᠪᠡᠶᠡᠯᠡᠬᠦᠯᠬᠦ︾ ᠨᠡᠷᠡᠲᠤ ᠳᠡᠮᠳᠡᠭ ᠢ ᠪᠣᠳᠠᠳᠠᠶᠢᠵᠢᠭᠤᠯᠵᠦ ᠨᠠᠮ ᠤᠨ ᠵᠣᠬᠢᠶᠠᠨ ᠪᠠᠶᠢᠭᠤᠯᠣᠯᠳᠠ᠂ ᠨᠠᠮ ᠤᠨ ᠬᠡᠰᠢᠬᠦᠨ | ᠳᠠᠭᠠᠭᠤᠯᠬᠤ ᠦᠢᠯᠡᠳᠦᠯ ᠦᠵᠡᠬᠦᠯᠬᠦ ᠬᠡᠷᠡᠭᠲᠡᠢ᠃ ᠦᠨᠳᠦᠰᠦᠳᠡᠨ ᠤ ᠪᠦᠯᠬᠦᠮᠳᠡᠯ ᠤᠨ ᠠᠭᠤᠰᠣᠯᠴᠠᠯ ᠢ ᠠᠬᠢᠭᠤᠯᠵᠦ | ᠠᠷᠠᠳ ᠳᠦᠮᠡᠨ ᠳᠤ ᠦᠨᠡᠨᠬᠦ ᠠᠰᠢᠭ ᠬᠦᠷᠳᠡᠬᠡᠬᠦ ᠬᠡᠷᠡᠭᠲᠡᠢ᠃ ᠣᠯᠣᠰ ᠳᠦᠷᠦ ᠶᠢᠨ ᠠᠮᠢ ᠠᠬᠤᠢ ᠶᠢᠨ ᠣᠷᠴᠢᠨ | ᠳᠣᠭᠤᠷᠢᠨ ᠢ ᠴᠡᠪᠡᠷᠰᠢᠬᠦᠯᠵᠦ ᠦᠵᠡᠯᠲᠡ ᠳᠠᠨᠢᠯᠳᠠ ᠪᠠᠨ ᠳᠡᠭᠡᠭᠰᠢᠯᠡᠬᠦᠯᠦᠨ ᠣᠬᠠᠭᠤᠯᠭ᠎ᠠ ᠶᠢᠨ ᠠᠵᠢᠯ ᠢ ᠪᠦᠬᠦ ᠳᠠᠯ᠎ᠠ | ᠪᠠᠷ ᠰᠠᠶᠢᠳᠣᠷ ᠬᠢᠬᠦ ᠬᠡᠷᠡᠭᠲᠡᠢ᠃ ᠪᠣᠯᠪᠠᠰᠣᠨ ᠦᠪᠦᠷ ᠮᠣᠩᠭᠤᠯ ᠢ ᠪᠦᠲᠦᠬᠡᠨ ᠪᠠᠶᠢᠭᠤᠯᠬᠤ ᠪᠠ ᠪᠣᠯᠪᠠᠰᠣᠨ ᠤ | ᠦᠢᠯᠡᠳᠦᠯᠬᠡ ᠶᠢᠨ ᠣᠨᠴᠠᠯᠢᠭ ᠢ ᠰᠠᠶᠢᠳᠣᠷ ᠠᠳᠬᠤᠵᠦ ᠠᠵᠢᠯ ᠤᠨ ᠭᠤᠣᠯᠳᠠᠯᠭ᠎ᠠ ᠪᠠᠨ ᠴᠢᠩᠭ᠎ᠠ ᠠᠳᠬᠤᠵᠦ ᠡᠯ᠎ᠡ | ᠰᠠᠯᠠᠭ᠎ᠠ ᠮᠦᠴᠢᠷ ᠤᠨ ᠬᠢᠨ ᠵᠣᠬᠢᠴᠠᠭᠤᠯᠣᠨ ᠬᠠᠮᠵᠢᠯᠴᠠᠵᠦ ᠡᠯ᠎ᠡ ᠳᠠᠯ᠎ᠠ ᠶᠢᠨ ᠠᠵᠢᠯ ᠢ ᠰᠠᠶᠢᠳᠣᠷ ᠬᠢᠬᠦ ᠶᠢᠨ ᠬᠠᠮᠲᠣ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠦ ᠵᠡᠷᠭᠡᠪᠡᠷ ᠠᠳᠬᠤᠵᠦ ᠳᠣᠰ ᠣᠳᠠᠭᠠᠨ ᠤ ᠬᠤᠷᠠᠯ ᠤᠨ | ᠵᠣᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠣᠷᠢᠵᠢᠭᠤᠯᠬᠤ ᠬᠡᠷᠡᠭᠲᠡᠢ ᠬᠡᠪᠡ᠃ | ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠣᠬᠠᠭᠤᠯᠬᠤ ᠬᠡᠯᠳᠡᠰ | ᠤᠨ ᠳᠠᠷᠤᠭ᠎ᠠ ᠹᠧᠩ ᡁᠢ ᠮᠢᠩ ᠡᠨᠡ ᠵᠢᠯ ᠤᠨ ᠪᠣᠯᠪᠠᠰᠣᠨ ᠬᠤᠳᠠ ᠶᠢ ᠪᠠᠶᠢᠭᠤᠯᠬᠤ ᠳᠣᠬᠠᠢ ᠬᠠᠮᠢᠶ᠎ᠠ ᠪᠦᠬᠦᠢ ᠠᠵᠢᠯ | ᠳᠤ ᠪᠠᠶᠢᠷᠢᠯᠠᠭᠤᠯᠣᠯᠳᠠ ᠬᠢᠪᠠ᠃ | |