ᠪᠥᠭᠦ ᠬᠤᠰᠢᠭᠤᠨ ᠤ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-11
     5 ᠰᠠᠷ᠎ᠠ ᠶᠢᠨ 8 ᠤ ᠡᠳᠦᠷ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ︽ᠨᠠᠷᠢᠨ ᠬᠢᠨᠠᠮᠠᠭᠠᠶ︾ ᠭᠡᠬᠦ ᠬᠤᠶᠠᠷ ᠥᠰᠥᠭ ᠢ ᠪᠠᠲᠤ ᠠᠳᠬᠤᠵᠤ ᠨᠠᠩ ᠥᠨᠳᠥᠷ ᠤᠯᠤᠰ ᠲᠥᠷᠥ ᠶᠢᠨ ᠵᠣᠭᠰᠣᠴᠠ᠂ ᠨᠠᠩ ᠪᠣᠳᠠᠲᠠᠶ ᠶᠢ ᠡᠷᠬᠢᠮᠯᠡᠭᠰᠡᠨ ᠠᠵᠢᠯ ᠤᠨ ᠠᠷᠭ᠎ᠠ ᠬᠡᠮᠵᠢᠶ᠎ᠡ ᠪᠠᠷ ᠨᠠᠩ ᠠᠮᠤᠷ ᠲᠦᠪᠰᠢᠨ ᠲᠣᠭᠲᠠᠭᠤᠨ ᠨᠡᠶᠢᠬᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠭᠤᠤ ᠬᠤ᠋᠂ ᠡᠯ᠎ᠡ ᠰᠤᠮᠤ ᠪᠠᠯᠭᠠᠰᠤ᠂ ᠬᠤᠰᠢᠭᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠯᠴᠠᠬᠤ ᠬᠤᠷᠠᠯ ᠤᠨ ᠪᠦᠷᠢᠯᠳᠦᠬᠦᠨ ᠨᠢᠬᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ᠂ ᠤᠶᠢᠷ᠎ᠠ ᠶᠢᠨ ᠬᠤᠭᠤᠴᠠᠭᠠᠨ ᠤ ᠪᠦᠬᠦ ᠬᠤᠰᠢᠭᠤᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠮᠡᠳᠡᠭᠳᠡᠪᠡ᠃ ᠵᠠᠩ ᡁᠢ ᠰᠢᠦ᠋ᠩ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠠᠶᠤᠯᠭᠦᠢ ᠥᠢᠯᠠᠳᠪᠤᠷᠢᠯᠠᠯ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃      ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠬᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠂ ᠢᠯᠠᠩᠭᠤᠶ᠎ᠠ ᠪᠥᠬᠦ ᠤᠯᠤᠰ ᠤᠨ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠪᠠᠷ ᠪᠠᠶᠢᠵᠤ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠠᠶᠤᠯᠭᠦᠶ ᠥᠢᠯᠡᠳᠪᠤᠷᠢᠯᠠᠯ ᠤᠨ ᠠᠵᠢᠯ ᠢ ᠰᠠᠶᠢᠲᠤᠷ ᠭᠢᠭᠦ  ᠨᠢ ᠲᠦᠢᠯ ᠤᠨ ᠴᠢᠬᠤᠯᠠ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠠᠶᠤᠯᠭᠦᠢ ᠦᠢᠯᠡᠳᠪᠦᠷᠢᠯᠡᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ ᠬᠠᠷᠢᠭᠤᠴᠠᠯᠭ᠎ᠠ ᠶᠢ ᠴᠢᠩᠭ᠎ᠠ ᠡᠭᠦᠷᠭᠡᠯᠠᠨ ᠨᠡᠩ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠢ ᠪᠤᠢ ᠪᠤᠯᠭᠠᠨ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠯᠠᠭ᠎ᠠ ᠶᠢ ᠡᠷᠡᠰ ᠡᠭᠦᠷᠭᠡᠯᠡᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠰᠢᠢᠳᠪᠤᠷᠢᠯᠠᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠤᠷᠢᠯᠠᠭᠦ ᠣᠨ︾ ᠤ ᠲᠤᠰᠬᠠᠶ ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ ᠮᠡᠳᠡᠭᠡ ᠵᠠᠩᠭᠢ ᠴᠤᠭᠯᠠᠭᠤᠯᠵᠤ ᠰᠤᠳᠤᠯᠤᠨ ᠮᠠᠭᠠᠳᠯᠠᠬᠤ ᠪᠠ ᠰᠦᠯᠵᠢᠶ᠎ᠡ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠮᠬᠢᠯᠡᠨ ᠳᠢᠭᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ ᠣᠯᠠᠨ ᠲᠦᠮᠡᠨ ᠤ ᠳᠡᠷᠭᠡᠳᠡᠬᠢ ᠢᠯᠵᠠᠷᠠᠯ ᠢ ᠴᠡᠭᠴᠡᠯᠡᠨ ᠵᠠᠰᠠᠵᠤ ᠪᠥᠬᠦ ᠬᠤᠰᠢᠭᠤᠨ ᠤ ᠠᠵᠢᠯ ᠬᠢᠵᠦ ᠥᠢᠯᠡᠰ ᠴᠣᠭᠴᠠᠯᠠᠬᠤ ᠰᠠᠶᠢᠨ ᠰᠠᠶᠢᠬᠠᠨ ᠤᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠠᠰᠠᠭᠤᠳᠠᠯ ᠢ ᠰᠢᠢᠳᠪᠤᠷᠢᠯᠠᠨ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠪᠠᠲᠤ ᠴᠡᠭᠡᠵᠢᠯᠡᠵᠦ ᠬᠠᠤᠯᠢ ᠪᠠᠷ ᠵᠠᠰᠠᠬᠤ ᠰᠠᠳᠭᠢᠭᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠥᠷᠢᠴᠡᠯ ᠵᠢᠭᠤᠷᠠᠯᠳᠤᠭᠠᠨ ᠢ ᠰᠢᠢᠳᠪᠤᠷᠢᠯᠠᠭᠦ ᠶᠢ ᠪᠠᠷᠢᠮᠳᠠᠯᠠᠨ ᠵᠥᠷᠢᠴᠡᠯ ᠪᠠ ᠠᠶᠤᠯ ᠲᠦᠭᠰᠢᠭᠦᠷᠢ ᠶᠢ ᠲᠤᠬᠠᠶ ᠶᠢᠨ ᠭᠠᠵᠠᠷ ᠲᠤ ᠲᠣᠭᠲᠠᠭᠤᠨ ᠡᠵᠡᠮᠳᠠᠨ ᠦᠨᠳᠦᠰᠦᠨ ᠱᠠᠲᠤᠨ ᠳᠤ ᠨᠠᠮᠳᠠᠭᠤᠯᠵᠤ ︽ᠲᠠᠪᠤᠨ ᠡᠭᠦᠰᠬᠦ ᠦᠭᠡᠢ︾ ᠪᠠᠶᠢᠬᠤ ᠶᠢ ᠪᠠᠳᠤᠯᠠᠨ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ ᠭᠤᠣᠯᠳᠠᠯᠭ᠎ᠠ ᠲᠠᠢ ᠭᠥᠷᠢᠶ᠎ᠠ ᠪᠣᠯᠤᠨ ᠭᠤᠣᠯᠳᠠᠯᠭ᠎ᠠ ᠲᠠᠢ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠤᠯᠠᠨ ᠨᠡᠶᠢᠲᠡ ᠶᠢᠨ ᠠᠮᠤᠷ ᠲᠦᠪᠰᠢᠨ ᠤ ᠬᠦᠨᠳᠦ ᠶᠡᠭᠡ ᠬᠡᠷᠡᠭ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号