5 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ | ᠪᠠᠯᠭᠠᠰᠤᠨ ᠲᠣᠭᠤᠷᠢᠭ ᠲᠤ ᠭᠦᠨᠵᠡᠭᠡᠶᠢᠷᠡᠨ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ | ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠬᠢᠨ | ᠲᠤᠬᠠᠶ ᠶᠢᠨ ᠲᠠᠯᠠᠪᠤᠷ ᠲᠤ ᠠᠯᠪᠠᠯᠠᠵᠤ ᠡᠭᠦᠷᠭᠡ ᠪᠠᠨ ᠲᠤᠳᠤᠷᠬᠠᠶᠢᠯᠠᠨ ᠦᠨᠡᠨ ᠬᠦ ᠠᠳᠬᠤᠨ ᠪᠣᠳᠠᠲᠠᠶ ᠠᠵᠢᠯᠯᠠᠵᠤ | ᠲᠤᠭᠳᠠᠭᠰᠠᠨ ᠤᠴᠢᠷ ᠶᠠᠪᠤᠳᠠᠯ ᠢ ᠳᠠᠷᠤᠶ ᠲᠦᠷᠭᠡᠨ ᠮᠥᠷᠳᠡᠭᠡᠨ ᠥᠨᠳᠥᠷ ᠪᠦᠲᠦᠮᠵᠢᠲᠡᠶ ᠭᠥᠢᠴᠡᠳᠭᠡᠭᠦ ᠭᠡᠷᠡᠭᠳᠠᠢ | ᠭᠡᠵᠦ ᠴᠢᠬᠤᠯᠠᠴᠢᠯᠠᠵᠠᠶ᠃ ᠬᠤᠰᠢᠭᠤ ᠤᠳᠤᠷᠢᠳᠤᠯᠭ᠎ᠠ ᠯᠠᠨ ᠲᠢᠶᠠᠨ᠂ ᠰᠦ᠋ ᠰᠢᠨ ᠹᠠ᠂ ᠹᠧᠩ ᡁᠢ ᠮᠢᠩ᠂ ᠾᠧ | ᠤᠯᠠᠭᠠᠨ᠂ ᠵᠸᠤ ᠱᠤᠸᠠᠢ᠂ ᠯᠢᠦ ᠵᠧᠩ᠂ ᠸᠠᠩ ᠭᠠᠩ ᠪᠠᠶᠢᠴᠠᠭᠠᠯᠳᠠ ᠳᠤ ᠣᠷᠣᠯᠴᠠᠵᠠᠶ᠃ | | | | | | | | | | ᠡᠷᠳᠡᠨᠢᠪᠢᠯᠢᠭ ᠨᠠᠷ᠂ ᠤᠷᠢᠳ ᠬᠤᠵᠢᠳ ᠰᠣᠶᠣᠯ ᠲᠠᠮᠢᠷ ᠤᠨ ᠠᠵᠢᠯᠯᠠᠭᠠᠨ ᠤ ᠲᠥᠪ ᠤᠨ | ᠥᠭᠡᠷᠡᠴᠢᠯᠡᠯᠲᠡ ᠶᠢᠨ ᠲᠦᠷᠦᠯ ᠵᠥᠢᠯ᠂ ᠭᠤᠷᠪᠠᠯᠵᠢᠨ ᠴᠡᠴᠡᠷᠯᠢᠭ᠂ ᠲᠠᠢ ᠾᠧ ᠰᠠᠭᠤᠭᠠᠯᠢ ᠠᠷᠠᠳ ᠤᠨ ᠲᠣᠭᠤᠷᠢᠭ | ᠂ ᠬᠥᠳᠡᠯᠮᠦᠷᠢ ᠭᠥᠴᠤᠨ ᠤ ᠵᠠᠬ᠎ᠠ ᠳᠡᠯᠭᠡᠭᠦᠷ ᠤᠨ ᠲᠦᠷᠦᠯ ᠵᠦᠢᠯ᠂ ᠬᠤᠢ ᠹᠧᠩ ᠯᠢᠦᠢ ᠶᠤᠸᠠᠨ ᠲᠠᠷᠢᠶᠠᠯᠠᠩ | ᠠᠷᠠᠯᠵᠢᠶᠠᠨ ᠤ ᠵᠠᠬ᠎ᠠ ᠲᠡᠯᠭᠡᠭᠦᠷ ᠵᠡᠷᠭᠡ ᠭᠠᠵᠠᠷ ᠢᠶᠠᠷ ᠬᠦᠷᠴᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ᠂ | ᠴᠡᠴᠡᠷᠯᠢᠭ ᠤᠨ ᠨᠣᠭᠤᠭᠠᠷᠠᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠵᠡᠷᠭᠡ ᠶᠢᠨ | ᠪᠠᠶᠢᠳᠠᠯ ᠢ ᠪᠠᠶᠢᠴᠠᠭᠠᠨ ᠦᠵᠡᠵᠦ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠥᠯᠳᠠ ᠶᠢ | ᠰᠣᠨᠣᠰᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠤᠳᠤᠯᠤᠨ ᠮᠠᠭᠠᠳᠯᠠᠵᠤ | ᠲᠤᠬᠠᠢ ᠶᠢᠨ ᠭᠠᠵᠠᠷ ᠲᠤᠨᠢ ᠠᠯᠪᠠᠯᠠᠨ ᠲᠤᠬᠠᠢ ᠶᠢᠨ ᠭᠠᠵᠠᠷ ᠲᠤᠨᠢ ᠪᠠᠶᠢᠷᠢᠯᠠᠭᠤᠯᠤᠯᠳᠠ ᠭᠢᠪᠠ᠃ | | | | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠪᠣᠯ ᠬᠤᠲᠠ ᠪᠠᠯᠭᠠᠰᠤᠨ ᠤ ᠶᠠᠰᠤ ᠴᠢᠨᠠᠷ ᠤᠨ ᠠᠮᠢᠵᠢᠷᠠᠯ ᠤᠨ ᠬᠦᠴᠦᠨ ᠢ | ᠲᠡᠭᠡᠭᠰᠢᠯᠠᠭᠦᠯᠭᠦ᠂ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠴᠢᠬᠤᠯᠠ ᠠᠷᠭ᠎ᠠ ᠪᠠᠷᠢᠯ ᠪᠠᠶᠢᠵᠤ ᠣᠳᠣᠬᠠᠨ ᠳᠤ | ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭ᠎ᠠ᠂ ᠰᠢᠢᠳᠪᠤᠷᠢᠳᠤ ᠳᠠᠶᠢᠯᠠᠯᠳᠤᠭᠠᠨ ᠤ | ᠬᠤᠭᠤᠴᠠᠭᠠᠨ ᠳᠤ ᠤᠷᠤᠭᠠᠳ ᠪᠠᠶᠢᠨ᠎ᠠ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠦᠨ ᠠᠵᠢᠯ ᠤᠨ ᠰᠤᠷᠲᠠᠯ ᠢᠶᠠᠨ ᠬᠤᠪᠢᠷᠠᠭᠤᠯᠵᠤ ᠠᠰᠠᠭᠤᠳᠠᠯ ᠪᠤᠯᠤᠨ ᠡᠭᠦᠳᠦᠨ | ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ ᠵᠠᠩᠭᠢᠯᠠᠭ᠎ᠠ ᠶᠢᠨ ᠭᠤᠭᠴᠤᠭᠠᠨ ᠳᠤ ᠠᠩᠬᠠᠷᠤᠯ ᠢᠶᠠᠨ | ᠲᠥᠪᠯᠡᠷᠡᠭᠦᠯᠵᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠳᠠᠭᠳᠠᠯ ᠢ ᠨᠥᠬᠦᠪᠥᠷᠢᠯᠡᠵᠦ | ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠪᠥᠬᠦ ᠬᠦᠴᠦᠨ ᠢᠶᠠᠷ ᠢᠶᠠᠨ ᠪᠠᠶᠢᠭᠤᠯᠬᠤ | ᠬᠡᠷᠡᠭᠲᠡᠶ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠳᠦᠯᠲᠡᠶ | ᠲᠥᠯᠥᠪᠵᠢᠭᠦᠯᠤᠨ ᠵᠤᠭᠢᠴᠠᠭᠤᠯᠵᠤ ᠠᠵᠢᠯ ᠢᠶᠠᠨ ᠵᠦᠶ ᠵᠣᠬᠢᠰᠲᠠᠶ ᠬᠤᠪᠢᠶᠠᠷᠢᠯᠠᠵᠤ ᠬᠠᠷᠢᠭᠤᠴᠠᠯᠭ᠎ᠠ ᠪᠠᠨ | ᠲᠣᠳᠣᠷᠬᠠᠶᠢᠯᠠᠬᠤ ᠬᠡᠷᠡᠭᠲᠡᠶ᠃ ᠲᠥᠷᠥᠯ ᠵᠥᠢᠯ ᠤᠨ ᠪᠠᠷᠢᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ ᠪᠣᠯᠪᠠᠰᠤᠨ ᠂ | ᠵᠢᠷᠤᠮᠵᠢᠯ ᠲᠠᠢ᠂ ᠠᠮᠤᠷ ᠲᠥᠪᠰᠢᠨ ᠢᠶᠠᠷ ᠪᠠᠷᠢᠯᠭ᠎ᠠ ᠪᠠᠷᠢᠬᠤ ᠶᠢ ᠪᠡᠶᠡᠯᠡᠭᠦᠯᠵᠦ ᠲᠥᠷᠥᠯ ᠵᠥᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠪᠠᠲᠤᠯᠠᠬᠤ ᠬᠡᠷᠡᠭᠲᠡᠶ᠃ ᠵᠢᠵᠢᠭ ᠵᠤᠭᠠᠴᠠᠯ ᠤᠨ ᠬᠦᠷᠢᠶᠡᠯᠡᠩ᠂ ᠵᠠᠮ ᠤᠨ ᠬᠤᠶᠠᠷ | ᠬᠠᠵᠠᠭᠤ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠠᠬᠢᠴᠠ ᠶᠢ ᠲᠥᠷᠭᠡᠳᠭᠡᠨ ᠥᠨᠳᠥᠷ ᠪᠠᠷᠢᠮᠵᠢᠶ᠎ᠠ ᠪᠠᠷ | ᠲᠥᠯᠥᠪᠵᠢᠭᠦᠯᠤᠨ ᠬᠤᠳᠠ ᠶᠢᠨ ᠲᠦᠷᠢ ᠲᠥᠷᠭᠦ ᠶᠢ ᠲᠡᠭᠡᠭᠰᠢᠯᠠᠭᠦᠯᠭᠦ ᠬᠡᠷᠡᠭᠲᠡᠢ᠃ ᠬᠤᠲᠠ ᠣᠷᠣᠵᠤ ᠬᠦᠴᠦ | ᠶᠠᠪᠤᠭᠰᠠᠳ ᠢ ᠬᠠᠯᠠᠮᠵᠢᠯᠠᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠡᠰᠢ ᠲᠥᠪᠯᠡᠷᠡᠭᠦᠯᠵᠦ ᠪᠡᠯᠡᠳᠭᠡᠯ | ᠲᠥᠭᠦᠭᠡᠷᠤᠮᠵᠢ ᠪᠥᠷᠢᠨ ᠲᠥᠭᠦᠷ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠭᠡᠷᠡᠭᠳᠠᠢ᠃ | ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠭᠥᠢᠴᠡᠳᠭᠡᠯ ᠲᠤᠭ᠎ᠠ ᠪᠣᠯᠤᠨ ᠪᠠᠷᠢᠮᠵᠢᠶ᠎ᠠ ᠲᠠᠢ | ᠬᠠᠷᠢᠴᠠᠭᠤᠯᠵᠤ ᠠᠵᠢᠯ ᠢᠶᠠᠨ ᠰᠠᠶᠢᠲᠤᠷ ᠭᠢᠵᠤ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠲᠦᠰᠢᠭᠯᠡᠵᠦ | ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠬᠡᠷᠡᠭᠲᠡᠶ ᠭᠡᠵᠡᠢ ᠃ | | |