| | | 5 ᠰᠠᠷ᠎ᠠ ᠶᠢᠨ 8 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠠᠯ ᠠᠴᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠲᠣᠮᠢᠯᠠᠨ ᠰᠠᠭᠤᠯᠭᠠᠭᠰᠠᠨ | ᠰᠠᠭᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠢᠶᠣᠤ ᠵᠢᠩ ᠫᠢᠩ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠥᠥᠰᠢᠨ ᠬᠤᠰᠢᠭᠤᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ | ᠮᠡᠳᠡᠬᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠲᠠ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠤᠷᠢᠳᠤ ᠢᠯᠠᠯᠲᠠ ᠶᠢ ᠤᠯᠬᠤ ᠥᠥᠰᠢᠨ | ᠬᠤᠰᠢᠭᠤᠨ ᠤ ᠲᠠᠶᠢᠯᠠᠯᠳᠤᠭᠠᠨ ᠤ ᠠᠩᠭᠢ ᠶᠢᠨ ᠲᠡᠳ᠋ ᠳᠠᠷᠤᠭ᠎ᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠬᠤᠷᠠᠯ ᠳᠤ | ᠣᠷᠣᠯᠴᠠᠵᠠᠶ᠃ | | | | | | | ᠬᠤᠷᠠᠯ ᠳᠡᠭᠡᠷ᠎ᠡ᠂ ᠡᠷᠳᠡᠨᠢᠪᠢᠯᠢᠭ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠬᠤ ᠪᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠲᠠᠨᠢᠯᠴᠠᠭᠤᠯᠪᠠ᠃ ᠯᠠᠨ ᠲᠢᠶᠠᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠲᠤᠰ | ᠨᠢᠭᠡᠴᠢ ᠶᠢᠨ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ ᠲᠤᠯᠭᠠᠷᠠᠭᠰᠠᠨ | ᠬᠦᠴᠢᠷᠳᠡᠯ ᠵᠢᠴᠢ ᠰᠠᠨᠠᠯ ᠰᠠᠨᠠᠭᠤᠯᠭ᠎ᠠ ᠶᠢᠨ ᠲᠤᠬᠠᠢ ᠶᠠᠷᠢᠪᠠ᠃ | ᠴᠢᠶᠣᠤ ᠵᠢᠩ ᠫᠢᠩ ᠵᠢᠭᠠᠵᠤ ᠭᠠᠷᠭᠠᠭᠰᠠᠨ ᠨᠢ᠂ ᠥᠥᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠥᠢᠴᠡᠳᠭᠡᠭᠰᠠᠨ ᠨᠢ ᠭᠢᠨᠠᠮᠠᠭᠠᠢ᠂ ᠨᠠᠮ ᠤᠨ ᠲᠥᠪ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠨᠢ ᠡᠷᠡᠰ ᠬᠦᠴᠦᠲᠡᠢ ᠪᠠᠶᠢᠵᠤ ᠡᠯ᠎ᠡ ᠲᠠᠯ᠎ᠠ ᠶᠢᠨ ᠠᠵᠢᠯ ᠢᠯᠡᠳᠲᠡ ᠦᠷ᠎ᠡ ᠪᠦᠲᠦᠮᠵᠢ | ᠤᠯᠪᠠ ᠭᠡᠵᠡᠢ᠃ | ᠴᠢᠶᠣᠤ ᠵᠢᠩ ᠫᠢᠩ ᠱᠠᠭᠠᠷᠳᠠᠬᠤ ᠳᠤ ᠪᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ | ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠪᠦᠬᠦ ᠬᠤᠰᠢᠭᠤ | ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠳᠦᠷ ᠳᠤᠳᠤᠮ ᠤᠨ ᠠᠵᠢᠯ ᠪᠣᠯᠤᠨ ︽ | ᠡᠷᠬᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠣᠳᠣᠬᠠᠨ ᠤ | ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠬᠠᠷᠢᠭᠤ ᠲᠤᠰᠬᠠᠭᠰᠠᠨ ᠰᠠᠨᠠᠯ ᠪᠠ ᠲᠣᠭᠲᠠᠭᠠᠭᠰᠠᠨ | ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠦ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠪᠦᠲᠦᠮᠵᠢᠲᠡᠶ | ᠪᠤᠯᠭᠠᠬᠤ ᠬᠡᠷᠡᠭᠲᠡᠶ᠃ ︽ᠵᠢᠷᠭᠤᠭᠠᠨ ᠶᠡᠭᠡ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠲᠠᠯ᠎ᠠ ᠪᠠᠷ | ᠪᠤᠳᠠᠳᠠᠶᠢᠵᠢᠭᠤᠯᠬᠤ ᠬᠡᠷᠡᠭᠲᠡᠶ᠃ ᠪᠥᠬᠦ ᠬᠤᠰᠢᠭᠤ ᠪᠠᠷ ᠢᠶᠠᠨ ᠵᠠᠪᠠᠯ ︽ᠲᠠᠪᠤᠨ ᠱᠠᠲᠤᠨ ᠤ ᠱᠦᠵᠢ︾ ᠶᠠᠳᠠᠭᠤ ᠶᠢ | ᠲᠠᠳᠭᠦᠭᠦ ᠱᠠᠭᠠᠷᠳᠠᠯᠭ᠎ᠠ ᠶᠢ ᠵᠢᠷᠤᠮᠯᠠᠨ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠱᠠᠲᠤᠨ ᠤ | ᠨᠠᠮ ᠤᠨ ᠭᠡᠰᠢᠭᠦᠨ ᠺᠠᠳ᠋ᠷ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠴᠢᠩᠭ᠎ᠠ᠂ ᠨᠠᠷᠢᠯᠢᠭ᠂ ᠭᠥᠨᠵᠡᠭᠡᠢ᠂ ᠪᠣᠳᠠᠲᠠᠶ | ᠠᠵᠢᠯ ᠤᠨ ᠰᠤᠷᠲᠠᠯ ᠢᠶᠠᠨ ᠪᠠᠳᠠᠷᠠᠭᠤᠯᠵᠤ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠳᠤᠯᠠᠬᠤ︾ ᠪᠠ | ᠤᠤᠭᠤᠬᠤ ᠤᠰᠤᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠡᠷᠭᠡᠪᠰᠢ | ᠳᠠᠬᠢᠨ ᠪᠠᠶᠢᠳᠠᠯ ᠢ ᠣᠶᠢᠯᠠᠭᠠᠵᠤ ᠳᠠᠬᠢᠨ ᠪᠠᠶᠢᠴᠠᠭᠠᠬᠤ ᠬᠡᠷᠡᠭᠲᠡᠶ᠃ ᠪᠥᠬᠦ ᠬᠤᠰᠢᠭᠤᠨ ᠤ ᠪᠣᠶ ᠪᠥᠬᠦᠶ ᠲᠠᠩᠰᠠᠯᠠᠨ | ᠺᠡᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠥᠷᠳᠡᠵᠤ ᠪᠠᠶᠢᠭ᠎ᠠ ᠡᠯ᠎ᠡ ᠵᠥᠢᠯ ᠤᠨ ᠶᠠᠳᠠᠭᠤ ᠶᠢ ᠲᠡᠳᠬᠦᠬᠦ | ᠲᠥᠷᠥ ᠶᠢᠨ ᠪᠣᠳᠣᠯᠭ᠎ᠠ᠂ ᠲᠥᠷᠥᠯ ᠵᠥᠢᠯ ᠤᠨ ᠪᠠᠷᠢᠮᠵᠢᠶ᠎ᠠ ᠲᠠᠢ ᠬᠠᠷᠢᠴᠠᠭᠤᠯᠤᠨ ᠡᠷᠦᠬᠡ ᠳᠠᠷᠠᠭᠠᠯᠠᠨ ᠬᠥᠮᠦᠨ | ᠳᠠᠷᠠᠭᠠᠯᠠᠨ ᠨᠠᠷᠢᠨ ᠬᠢᠨᠠᠮᠠᠭᠠᠶ ᠳᠠᠬᠢᠨ ᠪᠠᠶᠢᠴᠠᠭᠠᠵᠤ ᠠᠰᠠᠭᠤᠳᠠᠯ ᠤᠨ ᠡᠬᠡ ᠲᠠᠩᠰᠠ ᠪᠠᠶᠢᠭᠤᠯᠤᠨ ᠶᠠᠳᠠᠭᠤ ᠶᠢ | ᠲᠡᠳᠬᠦᠬᠦ ᠲᠥᠷᠥ ᠶᠢᠨ ᠪᠣᠳᠣᠯᠭ᠎ᠠ ᠨᠢᠭᠡᠪᠦᠷᠢ ᠶᠢ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ | ᠨᠢᠭᠡᠪᠦᠷᠢ ᠳᠤ ᠣᠨᠣᠪᠴᠢᠲᠠᠶ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠳᠠᠢ᠃ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠭᠤᠤᠯᠳᠠᠯᠭ᠎ᠠ ᠲᠠᠢ ᠰᠠᠯᠠᠭ᠎ᠠ ᠮᠥᠴᠢᠷ ᠪᠣᠯᠤᠨ ᠵᠠᠩᠭᠢᠯᠠᠭ᠎ᠠ ᠶᠢᠨ | ᠠᠵᠢᠯ ᠤᠨ ᠪᠠᠶᠢᠷᠢ ᠳᠤ ᠬᠢᠨᠠᠯᠲᠠ ᠲᠠᠯᠪᠢᠵᠤ ᠨᠢᠭᠡ ᠪᠦᠯᠦᠭ ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠠᠰᠠᠭᠤᠳᠠᠯ | ᠂ ᠢᠯᠵᠠᠷᠠᠯ ᠤᠨ ᠠᠰᠠᠭᠤᠳᠠᠯ᠂ ᠬᠠᠷᠢᠭᠤᠴᠠᠯᠭ᠎ᠠ ᠠᠯᠳᠠᠵᠤ ᠬᠠᠮᠢᠶᠠᠷᠤᠯᠲᠠ ᠠᠯᠳᠠᠭᠰᠠᠨ ᠠᠰᠠᠭᠤᠳᠠᠯ ᠢ ᠢᠯᠡᠷᠡᠭᠦᠯᠦᠨ | ᠪᠠᠶᠢᠴᠠᠭᠠᠨ ᠰᠢᠢᠳᠪᠤᠷᠢᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ | ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠳᠤᠯᠠᠬᠤ ᠭᠡᠷᠡᠭᠳᠠᠢ ᠭᠡᠵᠡᠢ᠃ |