5 ᠰᠠᠷ᠎ᠠ ᠶᠢᠨ 8 ᠤ ᠡᠳᠦᠷ ᠠᠴᠠ 9 ᠤ ᠡᠳᠦᠷ ᠪᠤᠯᠲᠠᠯ᠎ᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠢ᠊ ᠪᠢᠰᠢᠷᠡᠯᠲᠦ ᠮᠠᠨ ᠤ ᠬᠤᠰᠢᠭᠤᠨ ᠳᠤ ᠢᠷᠡᠵᠦ | ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ | ᠵᠢᠯᠤᠭᠤᠲᠤᠯᠭ᠎ᠠ ᠭᠢᠵᠤ ᠶᠡᠷᠦᠩᠬᠡᠢ ᠱᠦᠵᠢ ᠰᠢ ᠶᠢᠨ ᠫᠢᠩ ᠤᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠲᠠᠶᠢᠯᠠᠯᠲᠤᠭᠠᠨ ᠤ ᠰᠶᠢᠳᠪᠦᠷᠢᠲᠦ ᠢᠯᠠᠯᠲᠠ ᠶᠢ ᠲᠡᠮᠡᠴᠡᠨ ᠤᠯᠬᠤ ᠰᠠᠭᠤᠲᠠᠯ ᠤᠨ ᠬᠤᠷᠠᠯ ᠲᠡᠭᠡᠷᠡᠬᠢ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠯᠤᠰ ᠲᠦᠷᠦ ᠶᠢᠨ | ᠵᠤᠭᠰᠤᠴᠠ ᠪᠠᠨ ᠲᠡᠭᠡᠭᠰᠢᠯᠠᠭᠦᠯᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠦ ᠤᠨᠢᠨ ᠲᠡᠭᠡᠷ᠎ᠡ ᠨᠢ ᠶᠠᠲᠠᠭᠤ ᠶᠢ | ᠲᠡᠳᠬᠦᠬᠦ᠂ ᠴᠢᠨᠠᠷ ᠰᠠᠶᠢᠲᠠᠢ ᠪᠠᠷ ᠶᠠᠲᠠᠭᠤ ᠠᠴᠠ ᠠᠩᠭᠢᠵᠢᠷᠠᠭᠤᠯᠬᠤ ᠶᠢ ᠪᠠᠷᠢᠮᠳᠠᠯᠠᠨ ᠶᠠᠲᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠲᠠ ᠪᠠᠨ ᠲᠤᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠡᠳ᠋ ᠱᠦᠵᠢ ᠵᠠᠩ ᠶᠤᠸᠠᠢ ᠴᠢᠩ᠂ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ | ᠶᠠᠩ ᠮᠢᠩ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠷᠢᠨ ᠪᠢᠴᠢᠭ ᠤᠨ ᠲᠠᠷᠤᠭ᠎ᠠ ᠹᠠᠨ ᠵᠢᠶᠥ᠋ᠨ ᠫᠢᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠶᠠᠨᠮᠠᠨᠲᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ | ᠰᠢᠦ᠋ᠩ᠂ ᠬᠤᠰᠢᠭᠤ ᠤᠲᠤᠷᠢᠲᠤᠯᠭ᠎ᠠ ᠯᠢ ᠰᠢᠦ ᠹᠧᠩ᠂ ᠯᠢᠦ ᠵᠧᠩ ᠪᠠᠶᠢᠴᠠᠭᠠᠨ ᠰᠤᠲᠤᠯᠤᠯᠲᠠ ᠳᠤ ᠤᠷᠤᠯᠴᠠᠪᠠ᠃ | | | | | | | ᠴᠢ᠊ ᠪᠢᠰᠢᠷᠡᠯᠲᠦ ᠨᠠᠷ ᠤᠷᠢᠲᠠᠪᠠᠷ ᠬᠦᠬᠡᠨᠠᠭᠤᠷ ᠭᠠᠴᠠᠭᠠᠨ ᠤ ︽ᠬᠤᠶᠠᠷ ᠵᠦᠪᠯᠡᠯ︾ ᠤᠨ ᠤᠳᠤᠷᠢᠳᠬᠤ ᠪᠠᠭ | ᠤᠨ ᠪᠦᠷᠢᠯᠲᠦᠬᠦᠨ ᠲᠠᠢ ᠰᠠᠭᠤᠲᠠᠯ ᠤᠨ ᠬᠤᠷᠠᠯ ᠬᠤᠷᠠᠯᠲᠤᠭᠤᠯᠵᠦ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠠᠵᠢᠯ ᠤᠨ ᠶᠠᠪᠤᠭᠳᠠᠵᠤ ᠪᠠᠶᠢᠭ᠎ᠠ ᠪᠠᠶᠢᠲᠠᠯ᠂ ᠶᠠᠲᠠᠭᠤ ᠶᠢ ᠲᠡᠳᠬᠦᠬᠦ ᠲᠦᠷᠦ ᠶᠢᠨ ᠪᠤᠲᠤᠯᠭ᠎ᠠ ᠶᠢ | ᠨᠠᠶᠢᠲᠠᠪᠤᠷᠢᠵᠢᠭᠤᠯᠵᠦ ᠪᠠᠶᠢᠭ᠎ᠠ ᠪᠠᠶᠢᠲᠠᠯ ᠪᠤᠯᠤᠨ ᠭᠠᠴᠠᠭᠠᠨ ᠤ ᠲᠠᠷᠠᠭᠠᠴᠢ ᠶᠢᠨ ᠠᠯᠬᠤᠮ ᠤᠨ ᠬᠦᠭᠵᠢᠯᠲᠡ ᠶᠢᠨ | ᠲᠦᠯᠦᠪᠵᠢᠭᠦᠯᠭᠡ ᠶᠢ ᠨᠠᠷᠢᠨ ᠦᠢᠯᠠᠭᠠᠪᠠ᠃ ᠴᠢ᠊ ᠪᠢᠰᠢᠷᠡᠯᠲᠦ ᠵᠢᠭᠠᠵᠦ ᠭᠠᠷᠭᠠᠬᠤ ᠳᠤ ᠪᠠᠨ᠂ ᠡᠯ᠎ᠡ ᠱᠠᠲᠦ ᠨᠢ | ᠶᠡᠷᠦᠩᠬᠡᠢ ᠱᠦᠵᠢ ᠰᠢ ᠶᠢᠨ ᠫᠢᠩ ᠶᠢᠨ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠨ ᠤ | ᠰᠶᠢᠳᠪᠦᠷᠢᠲᠦ ᠢᠯᠠᠯᠲᠠ ᠶᠢ ᠲᠡᠮᠡᠴᠡᠨ ᠤᠯᠬᠤ ᠰᠠᠭᠤᠲᠠᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠶᠠᠲᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠲᠠᠢ ᠤᠶᠠᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠭᠠᠴᠠᠭ᠎ᠠ ᠲᠣᠰᠬᠤᠨ ᠤ ᠥᠨᠳᠤᠰᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ ᠬᠥᠳᠡᠭᠡ ᠲᠣᠰᠬᠤᠨ ᠤ ᠦᠨᠳᠦᠰᠦᠨ ᠨᠡᠶᠢᠭᠡᠮ ᠤᠨ ᠵᠠᠰᠠᠯᠲᠠ ᠪᠠ ᠬᠥᠳᠡᠭᠡ | ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠦ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ | ᠴᠢᠨᠡᠭᠡᠯᠢᠭᠵᠢᠬᠦ ᠵᠠᠮ ᠢᠶᠠᠷ ᠵᠠᠮᠨᠠᠬᠤ ᠣᠷᠣᠨ ᠵᠠᠢ ᠶᠢ ᠥᠷᠭᠡᠳᠬᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠬᠡᠪᠡ᠃ | | | | | | | ᠴᠢ᠊ ᠪᠢᠰᠢᠷᠡᠯᠲᠦ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠦᠷᠢᠯᠡᠯ | ᠠᠮᠢᠳᠤᠷᠠᠯ ᠤᠨ ᠪᠠᠶᠢᠲᠠᠯ ᠢ ᠮᠠᠰᠢ ᠬᠠᠯᠠᠮᠵᠢᠯᠠᠵᠤ ᠤᠷᠢᠳ ᠬᠤᠵᠢᠳ ᠭᠠᠯᠠᠭᠤᠲᠤ ᠪᠠᠯᠭᠠᠰᠤᠨ ᠤ ᠬᠦᠬᠡᠨᠠᠭᠤᠷ | ᠭᠠᠴᠠᠭᠠᠨ ᠤ ᠮᠠᠯᠴᠢᠨ ᠬᠠᠰᠭᠤᠸ᠎ᠠ᠂ ᠨᠠᠰᠤᠨᠴᠡᠴᠡᠭ᠂ ᠲᠤᠭ ᠪᠠᠯᠭᠠᠰᠤᠨ ᠤ ᠲᠤᠪᠤᠭ ᠭᠠᠴᠠᠭᠠᠨ ᠤ ᠮᠠᠯᠴᠢᠨ | ᠬᠥᠭᠵᠢᠯᠲᠦ ᠪᠣᠯᠤᠨ ᠰᠢᠷᠭᠠᠮᠤᠷᠢ ᠲᠣᠰᠬᠤᠨ ᠤ ᠠᠷᠠᠳ ᠳ᠋ᠦ᠋ ᠵᠢᠶᠠᠨ ᠫᠢᠩ ᠨᠠᠷ ᠢ ᠡᠷᠬᠢᠨ ᠦᠵᠡᠵᠦ ᠡᠷᠦᠬᠡ ᠪᠣᠯᠭᠠᠨ | ᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠢᠳᠤᠨᠤᠨ ᠤ ᠣᠷᠣᠯᠭ᠎ᠠ | ᠶᠢᠨ ᠪᠠᠶᠢᠳᠠᠯ᠂ ᠡᠨᠡ ᠵᠢᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠦᠢᠯᠠᠭᠠᠪᠠ᠃ ᠴᠢ᠊ | ᠪᠢᠰᠢᠷᠡᠯᠲᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠣᠯ ᠣᠳᠣᠬᠠᠨ ᠤ ᠬᠠᠮᠤᠭ ᠤᠨ | ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ | ᠬᠠᠷᠢᠭᠤᠴᠠᠯᠭ᠎ᠠ ᠪᠠᠨ ᠡᠭᠦᠷᠭᠡᠯᠡᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠵᠦ ᠶᠠᠳᠠᠭᠤ ᠶᠢ ᠲᠠᠳᠭᠦᠭᠰᠠᠨ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠩᠨᠡᠨ ᠶᠠᠳᠠᠭᠤ ᠬᠦᠴᠢᠷᠳᠡᠯᠲᠡᠢ | ᠤᠯᠠᠨ ᠲᠦᠮᠡᠨ ᠢ ᠭᠡᠷᠭᠢᠨ ᠶᠠᠳᠠᠭᠤ ᠠᠴᠠ ᠠᠩᠭᠢᠵᠢᠷᠠᠭᠤᠯᠬᠤ ᠶᠢ ᠪᠣᠳᠣᠯᠬᠢᠯᠠᠵᠤ ᠰᠢᠨ᠎ᠡ ᠠᠷᠭ᠎ᠠ ᠶᠢ ᠲᠠᠰᠤᠷᠠᠯᠲᠠ | ᠦᠭᠡᠢ ᠰᠦᠪᠡᠭᠴᠢᠯᠡᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢ ᠴᠢᠩᠭᠠᠳᠬᠠᠵᠤ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠤᠨ ᠶᠠᠳᠠᠭᠤ ᠬᠦᠴᠢᠷᠳᠡᠯᠲᠡᠶ ᠣᠯᠠᠨ | ᠲᠦᠮᠡᠨ ᠢ ᠥᠪᠡᠷ ᠤᠨ ᠬᠦᠴᠦ ᠪᠠᠷ ᠢᠶᠠᠨ ᠲᠡᠭᠵᠢᠷᠠᠵᠦ ᠲᠡᠰᠪᠦᠷᠢ ᠬᠠᠲᠠᠭᠤᠵᠢᠯᠲᠠᠶ ᠪᠠᠷ ᠲᠡᠮᠡᠴᠡᠨ ᠰᠢᠷᠭᠠᠭᠤ | ᠬᠥᠳᠡᠯᠮᠦᠷᠢ ᠳᠤ ᠪᠠᠨ ᠲᠦᠰᠢᠭᠯᠡᠨ ᠶᠠᠳᠠᠭᠤ ᠬᠤᠴᠣᠷᠤᠩᠭᠤᠶ ᠪᠠᠶᠢᠳᠠᠯ ᠢᠶᠠᠨ ᠬᠤᠪᠢᠷᠠᠭᠤᠯᠬᠤ ᠶᠢ ᠵᠢᠯᠤᠭᠤᠳᠬᠤ | ᠬᠡᠷᠡᠭᠲᠡᠶ ᠭᠡᠵᠦ ᠴᠢᠬᠤᠯᠠᠴᠢᠯᠠᠪᠠ᠃ | | | | | | | ᠴᠢ᠊ ᠪᠢᠰᠢᠷᠡᠯᠲᠦ ᠨᠠᠷ ᠪᠠᠰᠠ ᠰᠢᠷᠬᠤᠰᠤᠨ ᠪᠠᠯᠭᠠᠰᠤᠨ ᠤ ᠥᠨᠳᠥᠷ ᠥᠷ᠎ᠠ ᠠᠰᠢᠭᠲᠤ ᠲᠠᠷᠢᠶᠠᠯᠠᠩ ᠤᠨ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠰᠦᠯᠳᠡ ᠰᠤᠮᠤᠨ ᠤ ᠴᠤᠤᠲᠠᠶ | ᠭᠠᠴᠠᠭᠠᠨ ᠤ ᠮᠠᠯ ᠲᠠᠷᠢᠶᠠᠯᠠᠩ ᠤᠨ ᠲᠤᠰᠬᠠᠢ ᠬᠤᠷᠰᠢᠶᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠴᠢ᠊ ᠪᠢᠰᠢᠷᠡᠯᠲᠦ ︽ | ᠲᠣᠯᠣᠭᠠᠶᠢᠯᠠᠭᠴᠢ ᠠᠵᠤ ᠠᠬᠤᠶᠢᠯᠠᠯ + ᠨᠠᠮ ᠤᠨ ᠡᠭᠦᠷ + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾ | ᠶᠢᠨ ᠬᠥᠭᠵᠢᠯᠲᠡ ᠶᠢᠨ ᠵᠠᠭᠪᠤᠷ ᠪᠣᠯᠤᠨ ᠠᠵᠤ ᠦᠢᠯᠡᠰ ᠤᠨ ᠬᠤᠯᠪᠣᠭᠠᠲᠤ ᠴᠣᠭᠴᠠ ᠵᠡᠷᠭᠡ ᠰᠢᠨ᠎ᠡ ᠵᠠᠭᠪᠤᠷ ᠢ | ᠵᠡᠷᠭᠡᠪᠡᠷ ᠬᠡᠷᠡᠭᠵᠢᠭᠦᠯᠵᠦ ᠮᠠᠯᠵᠢᠬᠤ ᠲᠠᠷᠢᠶᠠᠯᠠᠬᠤ ᠡᠷᠦᠬᠡ ᠶᠢ ᠠᠵᠤ ᠦᠢᠯᠡᠰ ᠤᠨ ᠭᠡᠯᠭᠢᠶᠠᠵᠢᠯ ᠳᠤ ᠣᠷᠣᠭᠤᠯᠤᠨ | ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠬᠤ | ᠬᠡᠷᠡᠭᠲᠡᠢ᠃ ᠣᠷᠣᠨ ᠪᠦᠰᠡ ᠶᠢᠨ ᠨᠠᠷᠠᠲᠤ ᠳᠡᠮᠳᠡᠭ ᠢ ᠡᠭᠦᠳᠤᠨ ᠦᠢᠯᠡᠳᠭᠦᠨ ᠤ ᠨᠠᠷ᠎ᠡ ᠠᠯᠳᠠᠷᠰᠢᠯ ᠢ | ᠳᠡᠭᠡᠭᠰᠢᠯᠡᠭᠦᠯᠬᠦ ᠶᠢᠨ ᠬᠠᠮᠲᠤ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠲᠣᠰ ᠪᠡᠶ᠎ᠡ ᠪᠠᠨ | ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠨᠠᠩ ᠢᠯᠠᠭᠦᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | | | | | | | | ᠪᠠᠶᠢᠴᠠᠭᠠᠨ ᠰᠤᠲᠤᠯᠤᠯᠲᠠ ᠶᠢᠨ ᠬᠤᠭᠤᠴᠠᠭᠠᠨ ᠳᠤ ᠴᠢ᠊ ᠪᠢᠰᠢᠷᠡᠯᠲᠦ ᠨᠠᠷ ᠪᠦᠬᠦ ᠤᠯᠤᠰ ᠤᠨ ᠡᠯᠡᠰᠦ ᠶᠢ | ᠵᠠᠰᠠᠬᠤ ᠬᠦᠲᠡᠯᠮᠦᠷᠢ ᠶᠢᠨ ᠵᠢᠱᠢᠶᠠᠴᠢ᠂ ᠦᠪᠦᠷ ᠮᠤᠩᠭᠤᠯ ᠤᠨ ᠦᠪᠡᠷᠲᠡᠭᠡᠨ ᠵᠠᠰᠬᠤ ᠤᠷᠤᠨ ᠤ ᠠᠷᠠᠳ ᠤᠨ | ᠲᠦᠯᠦᠭᠡᠯᠡᠭᠴᠢ ᠶᠢᠨ ᠢᠤᠢ ᠵᠧᠨ ᠢ ᠡᠷᠬᠢᠨ ᠦᠵᠡᠪᠡ᠃ | | |