ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠥᠷᠢᠯᠳᠤᠭᠦᠨ ᠳᠡᠳ᠋ ᠲᠡᠷᠢᠭᠦᠯᠡᠭᠴᠢ ᠴᠡᠴᠡᠭ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-05-12
     5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠡᠳ᠋ ᠲᠡᠷᠢᠭᠦᠯᠡᠭᠴᠢ ᠴᠡᠴᠡᠭ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠢ ᠲᠠᠭᠠᠭᠤᠯᠤᠨ ᠮᠠᠨ ᠤ ᠬᠤᠰᠢᠭᠤᠨ ᠳᠤ ᠢᠷᠠᠵᠤ ︽ᠬᠠᠲᠤᠨ ᠭᠤᠤᠯ ᠲᠠᠭᠠᠤ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠵᠥᠪᠯᠡᠬᠦ ᠰᠡᠳᠦᠪ ᠪᠠ ᠭᠤᠤᠯᠳᠠᠯᠭ᠎ᠠ ᠲᠠᠢ ᠱᠠᠭᠠᠷᠳᠠᠨ ᠭᠥᠢᠴᠡᠳᠭᠡᠭᠦ ᠰᠠᠨᠠᠯ ᠳᠤᠷᠠᠳᠤᠯᠭ᠎ᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠠᠵᠤ ᠠᠬᠤᠶ ᠶᠢᠨ ᠵᠥᠪᠯᠡᠯ ᠤᠨ ᠡᠷᠬᠢᠯᠡᠭᠴᠢ  ᠵᠸᠤ ᠶᠣᠣ ᠲᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠥᠮᠦᠨ ᠠᠮᠠ ᠡᠬᠢ ᠪᠠᠶᠠᠯᠢᠭ ᠣᠷᠴᠢᠨ ᠲᠤᠭᠤᠷᠢᠨ ᠤ ᠵᠥᠪᠯᠡᠯ ᠤᠨ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠪᠠᠶ ᠶᠦᠨ ᠰᠥᠩ ᠨᠠᠷ ᠬᠠᠮᠲᠤ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠡᠳ᠋ ᠲᠠᠷᠢᠭᠦᠯᠡᠭᠴᠢ ᠴᠢᠶᠣᠤ ᠮᠢᠩ᠂ ᠬᠤᠲᠠ ᠶᠢᠨ ᠶᠠᠪᠤᠳᠠᠯ ᠤᠨ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠴᠢ ᠴᠢᠶᠠᠩ᠂ ᠮᠠᠨ ᠤ ᠬᠤᠰᠢᠭᠤᠨ ᠤ ᠤᠳᠤᠷᠢᠳᠤᠯᠭ᠎ᠠ ᠡᠷᠳᠡᠨᠢᠪᠢᠯᠢᠭ᠂ ᠬᠤᠤ ᠸᠧᠶ᠂ ᠪᠠᠶᠠᠨᠴᠡᠩᠭᠡᠯ᠂ ᠯᠢ᠊ ᠵᠢᠷᠤᠮᠳᠤ ᠪᠤᠯᠤᠨ ᠤᠷᠤᠨ᠂ ᠬᠤᠲᠠ᠂ ᠬᠤᠰᠢᠭᠤ ᠭᠤᠷᠪᠠᠨ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠴᠡᠴᠡᠭ ᠨᠠᠷ ᠤᠷᠢᠳ ᠬᠤᠵᠢᠳ ᠮᠠᠨ ᠤ ᠬᠤᠰᠢᠭᠤᠨ ᠤ ᠰᠤᠪᠤᠷᠭ᠎ᠠ ᠤᠯᠤᠰ ᠤᠨ ᠰᠤᠶᠤᠭ᠎ᠠ ᠮᠣᠳᠣᠨ ᠤ ᠰᠠᠭᠤᠷᠢᠨ ᠭᠠᠵᠠᠷ᠂ ︽ᠨᠢᠭᠡ ᠭᠤᠤᠯ ᠭᠤᠷᠪᠠᠨ ᠴᠡᠴᠡᠷᠯᠢᠭ︾ ᠤᠨ ᠦᠵᠡᠰᠬᠦᠯᠡᠩ ᠤᠨ ᠣᠷᠳᠣᠨ᠂ ᠪᠠᠲᠤ ᠶᠢᠨ ᠲᠤᠬᠤᠢ ᠶᠢᠨ ᠤᠰᠤᠨ ᠴᠥᠭᠦᠷᠥᠮ᠂ ᠰᠢᠷᠬᠤᠰᠤᠨ ᠪᠠᠯᠭᠠᠰᠤᠨ ᠤ ᠱᠧᠤ ᠭᠤᠸᠠᠩ ᠢᠳᠡᠰᠢᠨ ᠨᠤᠭᠤᠭᠠᠨ ᠤ ᠲᠠᠷᠢᠮᠠᠯ  ᠤᠨ ᠰᠠᠭᠤᠷᠢᠨ ᠭᠠᠵᠠᠷ ᠲᠤ ᠭᠦᠨᠵᠡᠭᠡᠶᠢᠷᠡᠨ ᠠᠮᠢ ᠠᠬᠤᠢ ᠶᠢᠨ ᠵᠠᠰᠠᠯᠲᠠ᠂ ᠤᠰᠤᠨ ᠰᠤᠷᠪᠤᠯᠵᠢ ᠶᠢᠨ ᠤᠷᠤᠨ ᠤ ᠬᠠᠮᠠᠭᠠᠯᠠᠯᠲᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠭᠵᠢᠯᠲᠡ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠮᠠᠨ ᠤ ᠬᠤᠰᠢᠭᠤᠨ ᠤ ᠬᠠᠳᠤᠨ  ᠭᠤᠤᠯ ᠲᠠᠭᠠᠤ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠰᠠᠨᠠᠯ ᠰᠠᠨᠠᠭᠤᠯᠭ᠎ᠠ ᠳᠤᠷᠠᠳᠪᠠ᠃
     ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠨᠠᠷᠢᠨ ᠲᠠᠨᠢᠯᠴᠠᠭᠤᠯᠤᠭᠰᠠᠨ ᠤ ᠳᠠᠷᠠᠭ᠎ᠠ  ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠬᠠᠲᠤᠨ ᠭᠤᠤᠯ ᠲᠠᠭᠠᠤ ᠶᠢᠨ ᠭᠤᠤᠯᠳᠠᠯᠭ᠎ᠠ ᠲᠠᠢ ᠲᠥᠷᠥᠯ ᠵᠥᠢᠯ᠂ ᠬᠠᠲᠤᠨ ᠭᠤᠤᠯ ᠤᠨ ᠤᠰᠤᠨ ᠤ ᠠᠰᠢᠭᠯᠠᠯᠲᠠ ᠶᠢᠨ ᠪᠠᠶᠢᠳᠠᠯ᠂ ᠤᠰᠤᠨ ᠰᠤᠷᠪᠤᠯᠵᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃
     ᠴᠡᠴᠡᠭ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠨ ᠬᠥᠬᠡᠮᠳᠦᠭ ᠴᠡᠩᠭᠡᠭ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠳᠠᠯᠠᠵᠦ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠠ ᠲᠣᠬᠢᠶᠠᠯ ᠢ ᠠᠳᠬᠤᠵᠦ ᠲᠣᠰ ᠪᠡᠶ᠎ᠡ ᠶᠢᠨ ᠣᠨᠴᠠᠯᠢᠭ ᠪᠥᠬᠦᠶ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠢᠳᠡᠪᠬᠢᠲᠡᠶ ᠰᠦᠪᠡᠭᠴᠢᠯᠡᠬᠦ ᠬᠡᠷᠡᠭᠲᠡᠶ ᠭᠡᠵᠡᠢ᠃      ᠴᠡᠴᠡᠭ ᠴᠢᠬᠤᠯᠠᠴᠢᠯᠠᠭᠰᠠᠨ ᠨᠢ᠂ ᠣᠷᠣᠨ ᠨᠤᠲᠤᠭ ᠤᠨ ᠤᠯᠤᠰ ᠲᠥᠷᠥ ᠶᠢᠨ ᠵᠥᠪᠯᠡᠯᠭᠡᠨ ᠬᠠᠳᠤᠨ ᠭᠤᠤᠯ  ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠠᠷ ᠡᠭᠦᠷᠭᠡ ᠲᠤᠰᠢᠶᠠᠯ ᠢᠶᠠᠨ ᠭᠥᠢᠴᠡᠳᠭᠡᠭᠦ ᠭᠤᠤᠯᠳᠠᠯᠭ᠎ᠠ ᠪᠣᠯᠭᠠᠵᠤ ᠣᠯᠠᠨ ᠵᠥᠢᠯ ᠤᠨ ᠬᠡᠯᠪᠡᠷᠢ ᠪᠠᠷ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠱᠠᠭᠠᠷᠳᠠᠨ ᠭᠥᠢᠴᠡᠳᠭᠡᠭᠦ ᠬᠡᠯᠪᠡᠷᠢ ᠪᠠᠷ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠳᠠᠢ᠃ ᠠᠮᠢ ᠠᠬᠤᠢ ᠶᠢ ᠤᠷᠢᠳ ᠢᠶᠠᠷ ᠪᠤᠳᠤᠯᠭᠢᠯᠠᠨ ᠪᠣᠬᠢᠷᠲᠤᠯ ᠦᠭᠡᠢ ᠭᠥᠭᠵᠢᠯᠳᠠ ᠶᠢ ᠠᠭᠢᠭᠤᠯᠵᠤ ᠶᠠᠷᠤᠩᠭᠡᠶᠢᠯᠡᠭᠰᠠᠨ᠂ ᠰᠢᠰᠲ᠋ᠧᠮ ᠲᠠᠢ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠦ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ  ᠪᠠᠷ ᠠᠰᠢᠭᠯᠠᠨ ᠤᠨᠴᠠᠯᠢᠬᠳᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠤᠬᠠᠢ ᠶᠢᠨ ᠭᠠᠵᠠᠷ ᠤᠨ ᠬᠥᠮᠦᠨ ᠨᠠᠶᠢᠭᠡᠮ ᠤᠨ ᠭᠦᠨ ᠵᠤᠵᠠᠭᠠᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠨᠤᠲᠤᠭ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠣᠷᠣᠨ ᠵᠠᠢ ᠶᠢ ᠡᠭᠦᠳᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号