ᠪᠦᠬᠦ ᠬᠤᠰᠢᠭᠤᠨ ᠤ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ︽ᠬᠤᠶᠠᠷ ᠵᠦᠪᠯᠡᠯ︾ ᠤᠨ ᠵᠢᠩᠬᠢᠨᠢ ᠳᠣᠰᠢᠶᠠᠯᠳᠠᠨ ᠵᠢᠴᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠴᠢᠳᠠᠪᠣᠷᠢ ᠶᠢ ᠳᠡᠭᠡᠭᠰᠢᠯᠡᠬᠦᠯᠬᠦ ᠪᠣᠯᠪᠠᠰᠣᠷᠠᠯ ᠶᠠᠪᠤᠭᠳᠠᠪᠠ
ᠨᠡᠶᠢᠲᠡᠯᠡᠭᠰᠡᠨ ᠴᠠᠭ᠄
2020-05-12
     ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠷᠪᠡᠳᠦᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠦ ᠮᠠᠯᠵᠢᠬᠤ ᠳᠠᠷᠢᠶᠠᠯᠠᠬᠤ ᠣᠷᠣᠨ ᠤ ᠠᠵᠣ ᠠᠬᠤᠢ ᠶᠢᠨ ᠪᠠᠶᠢᠳᠠᠯ ᠢ ᠳᠣᠳᠣᠷᠬᠠᠢ ᠲᠠᠨᠢᠨ ᠳᠦᠪ ᠤᠨ ᠮᠠᠯᠴᠢᠨ ᠳᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠶᠡᠷᠦᠩᠬᠡᠢ ᠱᠠᠭᠠᠷᠳᠠᠯᠭ᠎ᠠ ᠪᠠ ᠳᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢᠨ ᠲᠤᠰᠠᠳᠠ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠪᠠ ᠨᠠᠮ ᠤᠨ ᠰᠣᠷᠭᠠᠭᠤᠯᠢ 5 ᠰᠠᠷ᠎ᠠ ᠶᠢᠨ 8 ᠤ ᠡᠳᠦᠷ᠂ ᠪᠦᠬᠦ ᠬᠤᠰᠢᠭᠤᠨ ᠤ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ︽ᠬᠤᠶᠠᠷ ᠵᠦᠪᠯᠡᠯ︾ ᠤᠨ ᠵᠢᠩᠬᠢᠨᠢ ᠳᠣᠰᠢᠶᠠᠯᠳᠠᠨ ᠵᠢᠴᠢ ᠬᠢᠨᠠᠨ ᠪᠠᠶᠢᠴᠠᠭᠠᠬᠤ ᠵᠦᠪᠯᠡᠯ  ᠤᠨ ᠡᠷᠬᠢᠯᠡᠭᠴᠢ ᠶᠢᠨ ᠴᠢᠳᠠᠪᠣᠷᠢ ᠶᠢ ᠳᠡᠭᠡᠭᠰᠢᠯᠡᠬᠦᠯᠬᠦ ᠪᠣᠯᠪᠠᠰᠣᠷᠠᠯ ᠢ ᠦᠦᠰᠢᠨᠵᠣᠣ ᠭᠠᠴᠠᠭᠠᠨ ᠳᠤ ᠡᠷᠬᠢᠯᠡᠨ ᠶᠠᠪᠤᠭᠳᠠᠭᠤᠯᠪᠠ᠃ ᠭᠠᠯᠠᠭᠤᠲᠣ ᠪᠠᠯᠭᠠᠰᠣ᠂ ᠣᠯᠠᠭᠠᠨᠳᠣᠯᠣᠭᠠᠢ ᠪᠠᠯᠭᠠᠰᠣᠨ ᠤ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ︽ᠬᠤᠶᠠᠷ ᠵᠦᠪᠯᠡᠯ︾ ᠤᠨ ᠵᠢᠩᠬᠢᠨᠢ ᠳᠣᠰᠢᠶᠠᠯᠳᠠᠨ ᠵᠢᠴᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠡᠷᠭᠡ 48 ᠬᠦᠮᠦᠨ ᠪᠣᠯᠪᠠᠰᠣᠷᠠᠯ ᠳᠤ ᠤᠷᠤᠯᠴᠠᠪᠠ᠃      ᠪᠣᠯᠪᠠᠰᠣᠷᠠᠯ ᠳᠤ ᠨᠠᠮ ᠤᠨ ᠰᠣᠷᠭᠠᠭᠤᠯᠢ ᠶᠢᠨ ᠪᠠᠭᠰᠢ ᠠᠴᠠ ᠳᠣᠰᠬᠠᠢ ᠰᠡᠳᠣᠪᠲᠣ ᠳᠠᠶᠢᠯᠦᠮᠵᠢ᠂ ᠳᠣᠬᠠᠢ  ᠶᠢᠨ ᠳᠠᠯᠠᠪᠠᠢ ᠶᠢᠨ ᠬᠢᠴᠢᠶᠡᠯᠯᠡᠭᠡ᠂ ᠳᠣᠰᠬᠠᠢ ᠰᠡᠳᠣᠪ ᠤᠨ ᠰᠣᠳᠣᠯᠣᠨ ᠶᠠᠷᠢᠯᠴᠠᠭ᠎ᠠ ᠵᠡᠷᠬᠡ ᠭᠡᠯᠪᠠᠷᠢ ᠪᠠᠷ ᠬᠢᠴᠢᠶᠡᠯᠯᠡᠵᠦ ᠪᠤᠯᠪᠠᠰᠤᠷᠠᠯ ᠳᠤ ᠤᠷᠤᠯᠴᠠᠭᠰᠠᠳ ᠳᠣᠰ ᠪᠡᠶ᠎ᠡ ᠶᠢᠨ ᠬᠡᠪ ᠪᠣᠯᠪᠠᠰᠣᠷᠠᠯ ᠢ ᠳᠡᠭᠡᠭᠰᠢᠯᠡᠬᠦᠯᠵᠦ ᠦᠨᠳᠦᠰᠦᠨ ᠱᠠᠳᠣᠨ ᠤ ᠠᠵᠢᠯ ᠤᠨ ᠱᠠᠭᠠᠷᠳᠠᠯᠭ᠎ᠠ ᠶᠢ ᠡᠵᠡᠮᠰᠢᠬᠦᠯᠵᠤ ᠣᠯᠠᠨ ᠳᠦᠮᠡᠨ ᠢ ᠳᠠᠶᠢᠴᠢᠯᠠᠨ ᠴᠢᠨᠡᠬᠡᠯᠢᠭᠵᠢᠬᠦᠯᠬᠦ ᠣᠬᠠᠮᠰᠠᠷ ᠪᠠ ᠴᠢᠳᠠᠪᠣᠷᠢ ᠶᠢ ᠳᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号