ᠮᠠᠨ ᠤ ᠬᠤᠰᠢᠭᠤ ᠪᠠᠶᠠᠯᠢᠭ ᠠᠭᠤᠯᠭ᠎ᠠ ᠲᠠᠢ ᠠᠵᠢᠯᠯᠠᠭ᠎ᠠ ᠪᠠᠷ ᠢᠶᠠᠨ ︽ᠰᠣᠪᠢᠯᠠᠭᠴᠢ ᠶᠢᠨ ᠪᠠᠶᠠᠷ ᠤᠨ ᠡᠳᠦᠷ︾ ᠢ ᠦᠩᠭᠡᠷᠡᠭᠦᠯᠪᠡ
ᠨᠡᠶᠢᠲᠡᠯᠡᠭᠰᠡᠨ ᠴᠠᠭ᠄
2020-05-12
     109 ᠳᠠᠬᠢ ︽ᠰᠣᠪᠢᠯᠠᠭᠴᠢ ᠶᠢᠨ ᠪᠠᠶᠠᠷ ᠤᠨ ᠡᠳᠦᠷ︾ ᠬᠦᠷᠴᠦ ᠢᠷᠡᠬᠦ ᠪᠠᠷ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠣᠩᠭᠤᠯ ᠡᠮᠨᠡᠯᠭᠡ ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠨ ︽ᠰᠤᠪᠢᠯᠠᠭᠴᠢ ᠨᠠᠷ ᠲᠠᠭᠠᠨ ᠬᠦᠨᠳᠦᠳᠬᠡᠯ ᠳᠡᠪᠰᠢᠭᠦᠯᠵᠦ᠂ ᠬᠢᠵᠢᠭ ᠡᠪᠡᠳᠴᠢᠨ ᠢ ᠭᠠᠷ ᠬᠤᠯᠪᠣᠨ ᠢᠯᠠᠨ ᠳᠠᠪᠠᠶ᠎ᠠ︾ ᠭᠡᠬᠦ ᠭᠤᠣᠯ ᠰᠡᠳᠦᠪᠳᠦ ᠠᠵᠢᠯᠯᠠᠭ᠎ᠠ ᠦᠷᠨᠢᠭᠦᠯᠣᠨ ᠰᠤᠪᠢᠯᠠᠯᠲᠠ ᠶᠢᠨ ᠮᠡᠷᠭᠡᠵᠢᠯ ᠤᠨ ᠴᠢᠳᠠᠪᠤᠷᠢ ᠪᠣᠯᠣᠨ ᠰᠠᠭᠤᠷᠢ ᠮᠡᠳᠡᠯᠭᠡ ᠶᠢᠨ ᠤᠷᠤᠯᠳᠤᠭᠠᠨ ᠢ ᠶᠠᠪᠣᠭᠳᠠᠭᠤᠯᠣᠨ ᠰᠢᠯᠢᠳᠡᠭ ᠬᠢᠷᠢ ᠪᠦᠲᠦᠮᠵᠢ ᠣᠯᠤᠭᠰᠠᠨ ᠬᠠᠮᠲᠤ ᠨᠡᠶᠢᠲᠡ ᠪᠠ ᠬᠤᠪᠢ ᠬᠥᠮᠦᠨ ᠢ ᠵᠣᠷᠢᠭᠵᠢᠭᠤᠯᠣᠨ ᠱᠠᠩᠨᠠᠭᠰᠠᠨ ᠤ ᠬᠠᠮᠲᠣ ᠪᠠᠰᠠ ᠰᠢᠯᠢᠳᠡᠭ ᠰᠣᠪᠢᠯᠠᠭᠴᠢ ᠶᠢ ᠬᠦᠭᠢᠭᠦᠯᠣᠨ ᠱᠠᠩᠨᠠᠵᠣ ᠪᠠᠶᠠᠷ ᠤᠨ ᠡᠳᠤᠷ ᠢᠶᠠᠨ ᠲᠡᠮᠲᠡᠭᠯᠡᠪᠡ᠃      ᠡᠨᠡ ᠣᠳᠠᠭᠠᠨ ᠤ ᠰᠠᠭᠤᠷᠢ ᠮᠡᠳᠡᠯᠭᠡ ᠶᠢᠨ ᠤᠷᠤᠯᠳᠤᠭᠠᠨ ᠤ ᠬᠤᠪᠢ ᠬᠦᠮᠦᠨ ᠤ ᠱᠠᠩᠨᠠᠯ ᠬᠦᠷᠳᠡᠭᠰᠡᠨ ᠦᠤᠰᠢᠨ ᠬᠤᠰᠢᠭᠤᠨ ᠤ ᠮᠤᠩᠭᠤᠯ ᠡᠮᠨᠡᠯᠭᠡ ᠶᠢᠨ ᠶᠠᠷᠤᠩᠭᠡᠶᠢᠯᠡᠭᠰᠡᠨ ᠡᠮᠨᠡᠯᠭᠡ ᠶᠢᠨ ᠬᠤᠷᠢᠶᠠᠨ ᠤ ᠲᠦᠷᠬᠡᠨ ᠠᠪᠤᠷᠠᠯᠳᠠ ᠶᠢᠨ ᠰᠠᠯᠠᠭᠠᠨ ᠤ ᠰᠤᠪᠢᠯᠠᠭᠴᠢ ᠠᠷᠢᠭᠤᠨ᠎ᠠ ᠠᠵᠢᠯ ᠤᠨ ᠪᠠᠶᠢᠷᠢᠨ ᠳᠤ ᠭᠠᠷᠣᠭᠠᠳ ᠬᠤᠶᠠᠷ ᠵᠢᠯ ᠭᠠᠷᠤᠢ ᠪᠤᠯᠵᠤ ᠪᠠᠶᠢᠨ᠎ᠠ᠃ ᠲᠡᠷᠡ 3 ᠰᠠᠷ᠎ᠠ ᠶᠢᠨ 24 ᠤ ᠡᠳᠦᠷ ᠠᠴᠠ ᠬᠦᠬᠡᠬᠤᠳᠠ ᠶᠢᠨ ᠨᠢᠰᠬᠡᠯ ᠤᠨ ᠪᠠᠭᠤᠳᠠᠯ ᠳᠤ ᠬᠢᠵᠢᠭ ᠢ ᠰᠡᠷᠭᠡᠶᠢᠯᠡᠭᠦ ᠠᠵᠢᠯ ᠳᠤ ᠵᠣᠷᠢᠭ ᠲᠠᠢ ᠣᠷᠣᠯᠴᠠᠭᠠᠳ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠠᠢ ᠬᠠᠮᠵᠢᠯᠴᠠᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠨᠡᠶᠢᠲᠡ 14 ᠤᠳᠠᠭ᠎ᠠ ᠲᠤᠰᠴᠤ᠂ 800 ᠭᠠᠷᠤᠢ ᠬᠦᠮᠦᠨ ᠤᠳᠠᠭ᠎ᠠ ᠶᠢᠨ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠠ 700 ᠭᠠᠷᠤᠶ ᠬᠥᠮᠦᠨ ᠤᠳᠠᠭ᠎ᠠ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠶᠢ ᠬᠢᠵᠤ ᠨᠡᠶᠢᠬᠡᠮ ᠨᠡᠶᠢᠳᠠ ᠶᠢᠨ ᠬᠠᠮᠤᠭ ᠤᠨ ᠠᠶᠣᠯ ᠲᠦᠭᠰᠢᠬᠦᠷᠢ ᠲᠠᠢ ᠴᠠᠭ ᠲᠤ ᠡᠮᠴᠢ ᠬᠦᠮᠦᠨ ᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ ᠶᠠᠪᠣᠭ᠎ᠠ ᠲᠡᠷᠡ ᠣᠯᠠᠨ ᠡᠮᠨᠡᠯᠭᠡ ᠶᠢᠨ ᠠᠵᠢᠯᠳᠠᠨ ᠤ ᠲᠦᠯᠦᠭᠡᠯᠡᠭᠴᠢ ᠪᠣᠯᠣᠨ᠎ᠠ᠃      ᠪᠠᠶᠠᠷ ᠤᠨ ᠡᠳᠦᠷ ᠤᠨ ᠠᠵᠢᠯᠯᠠᠭ᠎ᠠ ᠳᠤ ᠪᠠᠰᠠ ᠰᠣᠷᠣᠭᠤᠯ ᠲᠠᠯᠪᠢᠬᠤ᠂ ᠨᠠᠮᠵᠢᠭᠤᠨ ᠰᠤᠳᠠᠯ ᠢᠶᠠᠷ ᠡᠮ ᠶᠡᠭᠦᠯᠡᠬᠦ᠂ ᠠᠵᠢᠯ ᠤᠨ ᠤᠷ᠎ᠠ ᠮᠡᠷᠭᠡᠵᠢᠯ ᠤᠨ ᠴᠠᠭᠠᠷᠠᠭᠰᠠᠨ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠵᠡᠷᠭᠡ ᠣᠯᠠᠨ ᠲᠠᠯ᠎ᠠ ᠶᠢᠨ ᠴᠢᠳᠠᠪᠤᠷᠢ ᠶᠢᠨ ᠤᠷᠤᠯᠳᠤᠭᠠᠨ ᠪᠤᠯᠤᠨ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠬᠠᠮᠲᠤ ᠪᠠᠷ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠵᠡᠷᠭᠡ ᠶᠠᠷᠤ ᠶᠢᠨ ᠮᠡᠳᠡᠯᠭᠡ ᠶᠢᠨ ᠤᠷᠤᠯᠳᠤᠭᠠᠨ ᠬᠢᠭᠰᠡᠨ ᠪᠦᠭᠡᠳ ᠪᠥᠵᠢᠭ᠂ ᠤᠷᠠᠨ ᠤᠩᠰᠢᠯᠭ᠎ᠠ᠂ ᠨᠠᠶᠢᠷᠠᠯ ᠲᠠᠭᠤᠤ ᠵᠡᠷᠭᠡ ᠪᠠᠶᠠᠯᠢᠭ ᠠᠭᠤᠯᠭ᠎ᠠ ᠲᠠᠢ ᠣᠷᠡᠨ ᠰᠠᠶᠢᠬᠠᠨ ᠤ ᠲᠤᠭᠯᠠᠯᠳᠠ ᠭᠠᠷᠭᠠᠵᠤ ᠡᠮᠴᠢ ᠰᠣᠪᠢᠯᠠᠭᠴᠢ ᠨᠠᠷ ᠢᠶᠠᠨ ᠪᠠᠶᠠᠰᠬᠠᠯ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号