ᠰᠢ ᠶᠢᠨ ᠫᠢᠩ ᠪᠦᠬᠦ ᠤᠯᠤᠰ ᠤᠨ ᠦᠷᠬᠡᠨ ᠤᠯᠠᠨ ᠰᠤᠪᠢᠯᠠᠬᠴᠢᠳ ᠲᠤ ᠪᠠᠶᠠᠷ ᠤᠨ ᠡᠳᠤᠷ ᠤᠨ ᠬᠦᠰᠡᠯ ᠵᠦᠩᠨᠡᠯ ᠪᠤᠯᠤᠨ ᠴᠢᠩ ᠰᠡᠳᠬᠢᠯ ᠤᠨ ᠲᠤᠬᠤᠨᠢᠭᠤᠯᠤᠯ ᠬᠦᠷᠬᠡᠪᠡ
ᠨᠡᠶᠢᠲᠡᠯᠡᠭᠰᠡᠨ ᠴᠠᠭ᠄
2020-05-12
     ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ ᠎ᠠ ᠶᠢᠨ 11 ᠤ ᠴᠠᠬᠢᠯᠭᠠᠨ ᠮᠡᠳᠡᠭᠡ ᠲᠡᠯᠡᠬᠡᠢ ᠶᠢᠨ ᠰᠤᠪᠢᠯᠠᠬᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠨᠠᠮ ᠤᠨ ᠲᠦᠪ ᠬᠤᠷᠢᠶᠡᠨ ᠤ ᠡᠮᠤᠨ᠎ᠡ ᠠᠴᠠ᠂ ᠪᠦᠬᠦ ᠤᠯᠤᠰ ᠤᠨ ᠦᠷᠬᠡᠨ ᠤᠯᠠᠨ ᠰᠤᠪᠢᠯᠠᠬᠴᠢᠳ ᠲᠤ ᠪᠠᠶᠠᠷ ᠤᠨ ᠡᠳᠤᠷ ᠤᠨ ᠬᠦᠰᠡᠯ ᠵᠦᠩᠨᠡᠯ ᠪᠤᠯᠤᠨ ᠴᠢᠩ ᠰᠡᠳᠬᠢᠯ ᠤᠨ ᠲᠤᠬᠤᠨᠢᠭᠤᠯᠤᠯ ᠬᠦᠷᠬᠡᠪᠡ︕      ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠡᠬᠦᠰᠦᠭᠰᠡᠡ ᠤ ᠲᠠᠷᠠᠭ᠎ᠠ᠂ ᠦᠷᠬᠡᠨ ᠤᠯᠠᠨ ᠰᠤᠪᠢᠯᠠᠬᠴᠢᠳ ᠡᠷᠡᠬᠡᠯᠵᠡᠯ ᠦᠬᠡᠢ ᠲᠡᠮᠡᠴᠡᠨ᠂ ᠬᠢᠵᠢᠭ ᠢ ᠰᠦᠷᠤᠨ ᠤᠷᠤᠭᠰᠢᠯᠠᠵᠥ᠂ ᠴᠠᠭᠠᠨ ᠬᠤᠶᠠᠭ ᠬᠡᠳᠦᠷᠦᠨ᠂ ᠬᠦᠨᠳᠤ ᠨᠠᠶᠢᠳᠠᠯᠭ᠎ᠠ ᠶᠢ ᠦᠯᠥ ᠬᠦᠰᠡᠷᠳᠡᠬᠦᠯᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠮᠡᠴᠡᠯ ᠤᠨ ᠡᠮᠤᠨ᠎ᠡ ᠹᠷᠤᠨᠲ ᠲᠤ ᠪᠠᠭᠠᠳᠤᠷᠯᠢᠭ ᠢᠶᠠᠷ ᠲᠡᠮᠡᠴᠡᠵᠥ᠂ ᠲᠤᠮᠳᠠᠳᠤ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ᠂ ᠡᠯ᠎ᠡ ᠤᠯᠤᠰ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠡᠨᠳᠤ ᠶᠢ ᠪᠠᠳᠤᠯᠠᠬᠤ ᠳᠤ ᠴᠢᠬᠤᠯᠠ ᠬᠤᠪᠢ ᠨᠡᠮᠡᠷᠢ ᠦᠵᠡᠬᠦᠯᠵᠥ᠂ ᠪᠤᠳᠠᠳᠤ ᠠᠵᠢᠯᠯᠠᠭ᠎ᠠ ᠪᠠᠷ ᠢᠶᠠᠨ ᠠᠮᠢ ᠨᠠᠰᠤ ᠶᠢ ᠬᠦᠨᠳᠦᠳᠬᠡᠬᠦ᠂ ᠦᠬᠦᠯ ᠠᠴᠠ ᠠᠪᠤᠷᠠᠵᠥ ᠰᠢᠷᠬᠠᠳᠤᠬᠰᠠᠳ ᠢ ᠲᠡᠩᠬᠡᠷᠡᠬᠦᠯᠬᠦ᠂ ᠬᠠᠷᠠᠮ ᠦᠬᠡᠢ ᠪᠠᠷ ᠨᠡᠮᠡᠷᠢ ᠬᠠᠨᠳᠢᠪᠯᠠᠬᠤ᠂ ᠦᠯᠡᠮᠵᠢ ᠶᠢᠨ ᠬᠠᠶᠢᠷ᠎ᠠ ᠲᠠᠢ ᠪᠠᠶᠢᠬᠤ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠦᠭᠰᠡᠡ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠰᠤᠪᠢᠯᠠᠬᠴᠢ ᠶᠢᠨ ᠠᠵᠢᠯ ᠪᠤᠯ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠦᠷᠬᠡᠨ ᠤᠯᠠᠨ ᠰᠤᠪᠢᠯᠠᠬᠴᠢ ᠶᠢ ᠬᠠᠯᠠᠮᠵᠢᠯᠠᠨ ᠬᠠᠶᠢᠷᠠᠯᠠᠵᠥ᠂ ᠰᠤᠪᠢᠯᠠᠬᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠶᠢ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠦᠢᠯᠡᠰ ᠤᠨ ᠬᠦᠭᠵᠢᠯᠳᠡ ᠶᠢᠨ ᠰᠠᠭᠤᠷᠢ ᠠᠵᠢᠯ ᠪᠤᠯᠭᠠᠨ ᠠᠳᠬᠤᠵᠥ᠂ ᠤᠷᠮᠠᠰᠢᠭᠤᠯᠬᠤ ᠲᠤᠭᠳᠠᠴᠠ ᠶᠢ ᠲᠡᠬᠦᠯᠳᠡᠷᠵᠢᠬᠦᠯᠵᠥ᠂ ᠲᠡᠷᠢᠬᠦᠨ ᠤ ᠨᠡᠶᠢᠳᠡᠯᠢᠭ ᠵᠢᠱᠢᠶ᠎ᠡ ᠶᠢ ᠤᠬᠠᠭᠤᠯᠵᠥ᠂ ᠰᠢᠯᠢᠳᠡᠭ ᠰᠤᠪᠢᠯᠠᠬᠴᠢ ᠶᠢᠨ ᠰᠤᠪᠢᠯᠠᠬᠴᠢ ᠶᠢᠨ ᠠᠵᠢᠯ ᠢ ᠤᠷᠳᠤ ᠬᠤᠭᠤᠴᠠᠭ᠎ᠠ ᠪᠠᠷ ᠬᠢᠬᠦ ᠶᠢ ᠲᠡᠮᠵᠢᠬᠦ ᠬᠡᠷᠡᠭᠳᠡᠢ᠃ ᠪᠦᠬᠦ ᠨᠡᠶᠢᠬᠡᠮ ᠢᠶᠠᠷ ᠢᠶᠠᠨ ᠰᠤᠪᠢᠯᠠᠬᠴᠢ ᠶᠢ ᠤᠢᠢᠯᠠᠭᠠᠨ ᠲᠡᠮᠵᠢᠬᠦ ᠬᠡᠷᠡᠭᠳᠡᠢ᠃ ᠦᠷᠬᠡᠨ ᠤᠯᠠᠨ ᠰᠤᠪᠢᠯᠠᠬᠴᠢ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠥ᠂ ᠬᠦᠮᠦᠯᠢᠭ ᠦᠵᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠴᠢᠷᠮᠡᠶᠢᠬᠰᠡᠡ ᠲᠡᠭᠡᠷ᠎ᠡ ᠪᠠᠨ ᠴᠢᠷᠮᠡᠶᠢᠵᠥ᠂ ᠦᠨᠡᠨ ᠰᠡᠳᠬᠢᠯ ᠠᠴᠠ ᠪᠠᠨ ᠨᠡᠮᠡᠷᠢ ᠬᠠᠨᠳᠢᠪᠯᠠᠨ᠂ ᠡᠷᠡᠬᠦᠯ ᠡᠩᠬᠡ ᠲᠤᠮᠳᠠᠳᠤ ᠤᠯᠤᠰ ᠤᠨ ᠪᠠᠶᠢᠭᠤᠯᠤᠯᠳᠠ᠂ ᠲᠡᠯᠡᠬᠡᠢ ᠶᠢᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠳᠤ ᠲᠠᠰᠤᠷᠠᠯᠳᠡ ᠦᠬᠡᠢ ᠰᠢᠨ᠎ᠡ ᠬᠤᠪᠢ ᠨᠡᠮᠡᠷᠢ ᠦᠵᠡᠬᠦᠯᠬᠦ ᠶᠢ ᠬᠦᠰᠡᠵᠥ ᠪᠠᠶᠢᠨ᠎ᠠ ᠬᠡᠵᠥ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号