5 ᠰᠠᠷ᠎ᠠ ᠶᠢᠨ 9 ᠤ ᠡᠳᠦᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ ᠰᠢ ᠶᠢᠨ ᠫᠢᠩ ᠰᠤᠯᠤᠩᠭᠤᠰ ᠤᠨ ᠬᠦᠳᠡᠯᠮᠤᠷᠢᠴᠢᠨ ᠤ ᠨᠠᠮ ᠤᠨ ᠬᠤᠷᠢᠶᠡᠨ ᠲᠠᠷᠤᠭ᠎ᠠ᠂ | ᠰᠤᠯᠤᠩᠭᠤᠰ ᠤᠨ ᠲᠦᠷᠦ ᠶᠢᠨ ᠶᠠᠪᠤᠳᠠᠯ ᠤᠨ ᠬᠤᠷᠢᠶᠡᠨ ᠤ ᠬᠤᠷᠢᠶᠠᠨ ᠲᠠᠷᠤᠭ᠎ᠠ ᠶᠢᠨ ᠵᠧᠩ ᠡᠸ᠋ᠨ ᠳᠤ ᠬᠠᠷᠢᠭᠤ | ᠲᠠᠯᠠᠷᠬᠠᠬᠤ ᠵᠠᠬᠢᠶ᠎ᠠ ᠢᠯᠡᠬᠡᠪᠡ᠃ ᠰᠢ ᠶᠢᠨ ᠫᠢᠩ᠂ ᠬᠤᠷᠢᠶᠡᠨ ᠲᠠᠷᠤᠭ᠎ᠠ ᠨᠦᠬᠦᠷ ᠤᠨ ᠬᠠᠯᠠᠭᠤᠨ ᠰᠡᠳᠬᠢᠯᠭᠡ ᠲᠠᠢ | ᠨᠦᠬᠦᠷᠰᠡᠭ ᠰᠠᠶᠢᠬᠠᠨ ᠵᠠᠬᠢᠶ᠎ᠠ ᠶᠢ ᠲᠤᠰᠤᠭᠠᠳ ᠲᠤᠩ ᠪᠠᠶᠠᠷᠯᠠᠵᠥ ᠪᠠᠶᠢᠨ᠎ᠠ᠃ ᠡᠨᠡ ᠵᠢᠯ ᠤᠨ 2 ᠰᠠᠷ᠎ᠠ ᠳᠤ᠂ | ᠬᠤᠷᠢᠶᠠᠨ ᠲᠠᠷᠤᠭ᠎ᠠ ᠨᠦᠬᠦᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠲᠤᠬᠠᠢ ᠨᠠᠳᠠᠳᠤ ᠲᠤᠬᠤᠨᠢᠭᠤᠯᠬᠤ ᠵᠠᠬᠢᠳᠠᠯ ᠢᠷᠡᠬᠦᠯᠥᠭᠰᠡᠡ ᠪᠦᠬᠡᠳ ᠲᠤᠮᠳᠠᠳᠤ ᠤᠯᠤᠰ ᠲᠤ ᠲᠡᠮᠵᠢᠯᠬᠡ | ᠬᠠᠩᠭᠠᠪᠠ᠂ ᠡᠨᠡ ᠨᠢ ᠬᠤᠷᠢᠶᠡᠨ ᠲᠠᠷᠤᠭ᠎ᠠ ᠨᠦᠬᠦᠷ ᠵᠢᠴᠢ ᠰᠤᠯᠤᠩᠭᠤᠰ ᠤᠨ ᠨᠠᠮ᠂ ᠵᠠᠰᠠᠭ ᠤᠨ ᠤᠷᠳᠤᠨ᠂ ᠠᠷᠠᠳ | ᠲᠦᠮᠡᠨ ᠤ ᠨᠠᠳᠠᠳᠤ ᠪᠠ ᠲᠤᠮᠳᠠᠳᠤ ᠤᠯᠤᠰ ᠤᠨ ᠨᠠᠮ᠂ ᠵᠠᠰᠠᠭ ᠤᠨ ᠤᠷᠳᠤᠨ᠂ ᠠᠷᠠᠳ ᠲᠦᠮᠡᠨ ᠳᠤ ᠬᠦᠨ | ᠵᠤᠵᠠᠭᠠᠨ ᠨᠦᠬᠦᠷᠯᠡᠯ ᠲᠠᠢ ᠪᠠᠶᠢᠬᠤ ᠶᠢ ᠬᠦᠢᠴᠡᠳ ᠢᠯᠡᠷᠡᠬᠦᠯᠵᠥ᠂ ᠲᠤᠮᠳᠠᠳᠤ ᠰᠤᠯᠤᠩᠭᠤᠰ ᠤᠨ ᠤᠯᠠᠮᠵᠢᠯᠠᠯᠳᠤ | ᠨᠦᠬᠦᠷᠯᠡᠯ ᠪᠠᠳᠤ ᠪᠠᠬᠢ ᠰᠠᠭᠤᠷᠢ ᠪᠤᠯᠤᠨ ᠬᠦᠴᠦᠷᠬᠡᠭ ᠶᠡᠭᠡ ᠠᠮᠢᠵᠢᠷᠡᠯ ᠤᠨ ᠬᠦᠴᠦᠨ ᠲᠠᠢ ᠬᠡᠳᠡᠭ ᠢ | ᠠᠮᠢᠳᠤᠯᠢᠭ ᠢᠶᠠᠷ ᠲᠠᠶᠢᠯᠪᠤᠷᠢᠯᠠᠪᠠ᠃ ᠪᠢ ᠡᠬᠦᠨ ᠳᠤ ᠴᠢᠩ ᠰᠡᠳᠬᠢᠯ ᠠᠴᠠ ᠪᠠᠨ ᠲᠠᠯᠠᠷᠬᠠᠵᠥ ᠪᠠᠶᠢᠬᠤ ᠪᠦᠬᠡᠳ | ᠲᠡᠬᠡᠳᠤ ᠬᠡᠮᠵᠢᠶ᠎ᠡ ᠪᠠᠷ ᠦᠨᠡᠯᠡᠵᠥ ᠪᠠᠶᠢᠨ᠎ᠠ ᠬᠡᠵᠥ ᠢᠯᠡᠳᠬᠡᠪᠡ᠃ | ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠤ | ᠲᠠᠷᠠᠭ᠎ᠠ᠂ ᠨᠠᠮ ᠤᠨ ᠲᠦᠪ ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠪᠤᠯᠤᠨ ᠡᠯ᠎ᠡ ᠲᠠᠯ᠎ᠠ ᠶᠢᠨ ᠬᠦᠴᠦᠳᠠᠢ | ᠲᠡᠮᠵᠢᠯᠬᠡ ᠪᠠᠷ᠂ ᠰᠢᠷᠭᠠᠭᠤ ᠬᠠᠳᠠᠭᠤᠵᠢᠯᠳᠠᠢ ᠴᠢᠷᠮᠡᠶᠢᠯᠭ᠎ᠠ ᠪᠠᠷ ᠲᠠᠮᠵᠢᠨ᠂ ᠲᠤᠮᠳᠠᠳᠤ ᠤᠯᠤᠰ ᠤᠨ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠬᠡᠯ ᠤᠯᠪᠠ᠃ | ᠪᠢ ᠪᠠᠰᠠ ᠰᠤᠯᠤᠩᠭᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠥ ᠪᠠᠶᠢᠭ᠎ᠠ ᠪᠠᠶᠢᠳᠠᠯ ᠪᠤᠯᠤᠨ | ᠰᠤᠯᠤᠩᠭᠤᠰ ᠤᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠮᠠᠰᠢ ᠬᠠᠯᠠᠮᠵᠢᠯᠠᠵᠥ ᠪᠠᠶᠢᠨ᠎ᠠ᠃ | ᠬᠤᠷᠢᠶᠠᠨ ᠲᠠᠷᠤᠭ᠎ᠠ ᠨᠦᠬᠦᠷ ᠰᠤᠯᠤᠩᠭᠤᠰ ᠤᠨ ᠨᠠᠮ ᠪᠤᠯᠤᠨ ᠠᠷᠠᠳ ᠲᠦᠮᠡᠨ ᠢ ᠲᠠᠭᠠᠭᠤᠯᠤᠨ ᠬᠢᠵᠢᠭ ᠢ ᠰᠡᠷᠭᠡᠶᠢᠯᠡᠬᠦ | ᠠᠯᠢ ᠤᠯᠠᠨ ᠠᠷᠭ᠎ᠠ ᠬᠡᠮᠵᠢᠶ᠎ᠡ ᠠᠪᠤᠬᠰᠡᠨ ᠪᠦᠭᠡᠳ ᠢᠳᠡᠪᠬᠢᠳᠠᠢ ᠦᠷ᠎ᠡ ᠪᠦᠳᠦᠮᠵᠢ ᠤᠯᠪᠠ᠂ ᠡᠭᠦᠨ ᠳᠤ ᠪᠢ ᠮᠠᠰᠢ | ᠪᠠᠶᠠᠷᠯᠠᠵᠤ ᠪᠠᠶᠢᠨ᠎ᠡ᠃ ᠲᠤᠮᠳᠠᠳᠤ ᠤᠯᠤᠰ ᠲᠤᠷᠠᠳᠠᠶ᠎ᠡ ᠰᠤᠯᠤᠩᠭᠤᠰ ᠤᠨ ᠬᠢᠨ ᠲᠠᠢ ᠬᠢᠵᠢᠭ ᠲᠠᠢ ᠲᠡᠮᠡᠴᠡᠬᠦ | ᠬᠠᠮᠳᠤᠷᠠᠯᠴᠠᠭ᠎ᠠ ᠪᠠᠨ ᠴᠢᠩᠭᠠᠳᠬᠠᠬᠤ ᠪᠦᠭᠡᠳ ᠰᠤᠯᠤᠩᠭᠤᠰ ᠤᠨ ᠬᠢᠨ ᠤ ᠭᠡᠷᠡᠭᠴᠡᠭᠡ ᠶᠢ ᠦᠨᠳᠤᠰᠤᠯᠡᠨ ᠴᠢᠳᠠᠯ ᠤᠨ | ᠬᠢᠷᠢ ᠪᠠᠷ ᠲᠠᠮᠵᠢᠯᠭᠡ ᠦᠵᠡᠬᠦᠯᠤᠨ᠎ᠡ᠃ ᠲᠤᠮᠳᠠᠳᠤ ᠰᠤᠯᠤᠩᠭᠤᠰ ᠬᠤᠶᠠᠷ ᠲᠠᠯ᠎ᠡ ᠵᠢᠴᠢ ᠲᠡᠯᠡᠭᠡᠢ ᠨᠡᠶᠢᠭᠡᠮ ᠤᠨ ᠬᠢᠨ ᠤ | ᠬᠠᠮᠳᠤ ᠶᠢᠨ ᠴᠢᠷᠮᠠᠶᠢᠯᠭ᠎ᠠ ᠪᠠᠷ ᠬᠢᠵᠢᠭ ᠲᠠᠢ ᠲᠡᠮᠡᠴᠡᠬᠦ ᠲᠠᠮᠠᠴᠡᠯ ᠤᠨ ᠬᠠᠮᠤᠭ ᠤᠨ ᠡᠴᠤᠰ ᠤᠨ ᠢᠯᠠᠯᠳᠠ ᠶᠢ ᠯᠠᠪᠳᠠᠢ | ᠤᠯᠵᠤ ᠴᠢᠳᠠᠨ᠎ᠡ ᠭᠡᠳᠡᠭ ᠢ ᠢᠳᠡᠭᠡᠵᠤ ᠪᠠᠶᠢᠨ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠪᠢ ᠲᠤᠮᠳᠠᠳᠤ ᠰᠤᠯᠤᠩᠭᠤᠰ ᠤᠨ ᠬᠠᠷᠢᠯᠴᠠᠭ᠎ᠠ ᠶᠢᠨ ᠬᠦᠭᠵᠢᠯᠳᠠ ᠶᠢ ᠲᠡᠭᠡᠳᠤ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠡ᠂ ᠲᠤᠷᠠᠳᠠᠶ᠎ᠡ ᠬᠤᠷᠢᠶᠠᠨ ᠲᠠᠷᠤᠭ᠎ᠠ ᠨᠦᠬᠦᠷ ᠲᠠᠢ ᠬᠠᠮᠳᠤ ᠪᠠᠷ᠂ ᠬᠤᠶᠠᠷ ᠨᠠᠮ ᠬᠤᠶᠠᠷ | ᠤᠯᠤᠰ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠢ ᠵᠢᠯᠤᠭᠤᠳᠤᠨ ᠬᠤᠶᠠᠷ ᠲᠠᠯ᠎ᠡ ᠶᠢᠨ ᠴᠢᠬᠤᠯᠠ | ᠬᠠᠮᠳᠤ ᠶᠢᠨ ᠲᠠᠨᠢᠯᠳᠠ ᠶᠢ ᠰᠠᠶᠢᠳᠤᠷ ᠨᠠᠶᠢᠳᠠᠪᠤᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ | ᠴᠢᠩᠭᠠᠳᠬᠠᠵᠤ᠂ ᠰᠤᠯᠢᠯᠴᠠᠭ᠎ᠠ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠵᠤ᠂ ᠰᠢᠨ᠎ᠡ ᠴᠠᠭ ᠦᠶ᠎ᠡ ᠶᠢᠨ ᠲᠤᠮᠳᠠᠳᠤ | ᠰᠤᠯᠤᠩᠭᠤᠰ ᠤᠨ ᠬᠠᠷᠢᠯᠴᠠᠭ᠎ᠠ ᠶᠢᠨ ᠲᠠᠰᠤᠷᠠᠯᠳᠠ ᠦᠭᠡᠢ ᠤᠷᠤᠬᠰᠢ ᠬᠦᠭᠵᠢᠬᠦ ᠶᠢ ᠠᠬᠢᠭᠤᠯᠵᠤ᠂ ᠬᠤᠶᠠᠷ ᠤᠯᠤᠰ | ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠤ᠂ ᠭᠠᠵᠠᠷ ᠤᠷᠤᠨ ᠤ ᠡᠩᠭᠡ ᠲᠠᠶᠢᠪᠤᠩ | ᠲᠤᠬᠳᠠᠭᠤᠨ ᠪᠠᠶᠢᠳᠠᠯ ᠪᠤᠯᠤᠨ ᠬᠦᠭᠵᠢᠯ ᠴᠡᠴᠡᠭᠯᠡᠯ ᠳᠤ ᠢᠳᠡᠪᠬᠢᠳᠠᠢ ᠬᠤᠪᠢ ᠨᠠᠮᠡᠷᠢ ᠦᠵᠡᠬᠦᠯᠤᠨ᠎ᠡ ᠭᠡᠵᠤ | ᠢᠯᠡᠳᠭᠡᠪᠡ᠃ | 5 ᠰᠠᠷ᠎ᠡ ᠶᠢᠨ 7 ᠤ ᠡᠳᠦᠷ᠂ ᠶᠢᠨ ᠵᠧᠩ ᠡᠸ᠋ᠨ ᠠᠴᠠ ᠰᠢ ᠶᠢᠨ ᠫᠢᠩ ᠳᠤ ᠵᠠᠬᠢᠶ᠎ᠡ ᠢᠯᠡᠭᠡᠵᠤ᠂ ᠶᠡᠷᠤᠩᠭᠡᠢ | ᠱᠦᠵᠢ ᠰᠢ ᠶᠢᠨ ᠫᠢᠩ ᠲᠤᠮᠳᠠᠳᠤ ᠤᠯᠤᠰ ᠤᠨ ᠨᠠᠮ ᠪᠤᠯᠤᠨ ᠠᠷᠠᠳ ᠲᠦᠮᠡᠨ ᠢ ᠤᠳᠤᠷᠢᠳᠤᠨ ᠤᠷᠢᠳᠦ ᠡᠮᠤᠨ᠎ᠡ | ᠪᠠᠶᠢᠭ᠎ᠠ ᠦᠭᠡᠢ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠬᠯᠠᠯᠳᠠ ᠶᠢᠨ ᠲᠠᠶᠢᠯᠠᠯᠳᠤᠭᠠᠨ ᠤ ᠲᠤᠮᠳᠠ ᠤᠯᠤᠬᠰᠡᠨ ᠭᠡᠷᠡᠯ ᠰᠠᠴᠤᠷᠠᠩᠭᠤᠢ ᠠᠮᠵᠢᠯᠳᠠ ᠪᠦᠳᠦᠮᠵᠢ ᠪᠤᠯᠤᠨ | ᠯᠤᠳᠤ ᠶᠡᠭᠡ ᠢᠯᠠᠯᠳᠠ ᠶᠢ ᠲᠡᠭᠡᠳᠤ ᠬᠡᠮᠵᠢᠶ᠎ᠡ ᠪᠠᠷ ᠦᠨᠡᠯᠡᠭᠰᠡᠨ ᠪᠦᠭᠡᠳ ᠪᠠᠶᠠᠷ ᠬᠦᠷᠭᠡᠵᠤ᠂ ᠶᠡᠷᠤᠩᠭᠡᠢ ᠱᠦᠵᠢ | ᠰᠢ ᠶᠢᠨ ᠫᠢᠩ ᠤᠨ ᠤᠳᠤᠷᠢᠳᠤᠯᠭ᠎ᠠ ᠲᠤᠤᠷ᠎ᠡ᠂ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠤᠮᠳᠠᠳᠤ | ᠤᠯᠤᠰ ᠤᠨ ᠠᠷᠠᠳ ᠲᠦᠮᠡᠨ ᠯᠠᠪᠳᠠᠢ ᠲᠠᠶᠢᠯᠠᠯᠳᠤᠭᠠᠨ ᠤ ᠦᠷ᠎ᠡ ᠪᠦᠳᠦᠭᠡᠯ ᠢᠶᠠᠨ ᠲᠠᠰᠤᠷᠠᠯᠳᠠ ᠦᠭᠡᠢ ᠪᠠᠬᠢᠵᠢᠬᠦᠯᠤᠨ | ᠦᠷᠭᠡᠳᠭᠡᠵᠤ᠂ ᠡᠴᠤᠰ ᠤᠨ ᠢᠯᠠᠯᠳᠠ ᠶᠢ ᠤᠯᠤᠨ᠎ᠡ ᠭᠡᠳᠡᠭ ᠢ ᠪᠠᠳᠤ ᠢᠳᠡᠭᠡᠵᠤ ᠪᠠᠶᠢᠬᠤ ᠪᠠᠨ ᠢᠯᠡᠳᠭᠡᠪᠡ᠃ | ᠲᠡᠷᠡᠴᠢᠯᠡᠨ ᠶᠡᠷᠤᠩᠭᠡᠢ ᠱᠦᠵᠢ ᠰᠢ ᠶᠢᠨ ᠫᠢᠩ ᠨᠦᠬᠦᠷ ᠪᠡᠶ᠎ᠡ ᠪᠠᠨ ᠰᠠᠶᠢᠨ ᠭᠠᠮᠨᠠᠭᠠᠷᠠᠢ ᠭᠡᠵᠤ ᠬᠦᠰᠡᠭᠰᠡᠡ ᠪᠦᠭᠡᠳ | ᠲᠤᠮᠳᠠᠳᠤ ᠤᠯᠤᠰ ᠤᠨ ᠡᠪ ᠬᠠᠮᠳᠤ ᠨᠠᠮ ᠤᠨ ᠪᠦᠬᠦ ᠨᠠᠮ ᠤᠨ ᠭᠡᠰᠢᠬᠦᠨ ᠳᠤ ᠲᠠᠶᠢᠴᠢᠨ ᠮᠠᠨᠳᠤᠴᠢᠯᠠᠯ ᠬᠦᠷᠭᠡᠵᠤ᠂ | ᠰᠤᠯᠤᠩᠭᠤᠰ ᠲᠤᠮᠳᠠᠳᠤ ᠬᠤᠶᠠᠷ ᠨᠠᠮ ᠤᠨ ᠬᠠᠷᠢᠯᠴᠠᠭ᠎ᠠ ᠡᠳᠦᠷ ᠢᠷᠡᠬᠦᠶ᠎ᠡ ᠨᠢᠬᠳᠠᠷᠠᠵᠤ᠂ ᠡᠷᠡᠬᠦᠯ ᠢᠶᠠᠷ ᠬᠦᠭᠵᠢᠬᠦ ᠶᠢ | ᠬᠦᠰᠡᠨ ᠵᠦᠡᠭᠨᠡᠪᠠ᠃ |