ᠦᠨᠳᠦᠰᠦᠨ ᠱᠠᠳᠤᠨ ᠤ ᠵᠦᠷᠢᠴᠡᠯ ᠵᠡᠭᠤᠷᠠᠯᠳᠤᠭᠠᠨ ᠢ ᠰᠢᠢᠳᠪᠦᠷᠢᠯᠡᠬᠦ ᠪᠤᠯ ᠮᠠᠯᠴᠢᠨ ᠲᠠᠷᠢᠶᠠᠴᠢᠳ ᠤᠨ | ᠰᠡᠳᠬᠢᠯ ᠳᠠᠬᠢ ᠨᠠᠮ ᠵᠠᠰᠠᠭ ᠤᠨ ᠢᠳᠡᠬᠡᠬᠦᠯᠬᠦ ᠬᠦᠴᠦᠨ ᠤ ᠬᠢᠨᠠᠨ ᠰᠢᠯᠭᠠᠭᠤᠷ ᠪᠤᠯᠵᠤ ᠪᠠᠶᠢᠳᠠᠭ᠃ ᠤᠢᠢᠷ᠎ᠠ ᠶᠢᠨ | ᠡᠳᠦᠷ᠂ ᠰᠦᠯᠳᠡ ᠰᠤᠮᠤᠨ ᠤ ᠬᠦᠬᠡᠮᠠᠩᠬ᠎ᠠ ᠭᠠᠴᠠᠭ᠎ᠠ ᠪᠤᠯᠤᠨ ᠲᠤᠯᠢ ᠭᠠᠴᠠᠭᠠᠨ ᠳᠤ ᠨᠤᠳᠤᠭ ᠪᠡᠯᠴᠢᠬᠡᠷ ᠤᠨ | ᠵᠠᠭᠠᠭ ᠤᠨ ᠲᠤᠬᠠᠢ ᠵᠦᠷᠢᠴᠡᠯ ᠵᠠᠭᠤᠷᠠᠯᠳᠤᠭᠠᠨ ᠡᠬᠦᠰᠦᠭᠰᠡᠨ ᠳᠤ ᠰᠦᠯᠳᠡ ᠰᠤᠮᠤᠨ ᠠᠴᠠ ᠠᠯᠳᠠᠨ ᠮᠧᠳᠠᠯᠳᠤ | ᠡᠶᠡᠳᠡᠭᠦᠯᠦᠨ ᠵᠤᠬᠢᠴᠠᠭᠤᠯᠬᠤ ᠲᠤᠭᠤᠢᠢᠯᠠᠩ ᠢ ᠲᠤᠮᠢᠯᠠᠵᠤ᠂ ᠵᠦᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦᠯᠦᠭᠰᠡᠨ | ᠪᠠᠶᠢᠨ᠎ᠠ᠃ | ᠠᠯᠳᠠᠨ ᠮᠧᠳᠠᠯᠳᠤ ᠡᠶᠡᠳᠡᠨ ᠵᠤᠬᠢᠴᠠᠭᠤᠯᠬᠤ ᠲᠤᠭᠤᠢᠢᠯᠠᠩ ᠤᠨ ᠬᠢᠨ ᠬᠤᠶᠠᠷ ᠭᠠᠴᠠᠭᠠᠨ ᠤ ᠬᠠᠮᠢᠶ ᠠ ᠪᠦᠬᠦᠢ | ᠬᠠᠷᠢᠭᠤᠴᠠᠯᠭᠠᠳᠠᠨ ᠪᠤᠯᠤᠨ ᠨᠤᠳᠤᠭ ᠤᠰᠤᠨ ᠤ ᠠᠬᠠᠮᠠᠳ ᠲᠤᠮᠤᠭᠠᠳᠠᠨ ᠢ ᠤᠷᠢᠵᠤ᠂ ᠵᠦᠷᠢᠴᠡᠯ ᠡᠬᠦᠰᠦᠭᠰᠡᠨ | ᠲᠤᠬᠠᠢ ᠶᠢᠨ ᠭᠠᠵᠠᠷ ᠲᠤᠨᠢ ᠤᠴᠢᠵᠤ ᠨᠠᠷᠢᠨ ᠪᠠᠶᠢᠳᠠᠯ ᠢ ᠤᠢᠢᠯᠠᠭᠠᠨ᠂ ᠲᠡᠦᠬᠡ ᠶᠢ ᠦᠨᠳᠦᠰᠦᠯᠡᠨ ᠪᠤᠳᠠᠳᠠᠢ ᠳᠤ | ᠬᠠᠷᠠᠭᠠᠯᠵᠠᠬᠤ ᠵᠠᠷᠴᠢᠮ ᠢᠶᠠᠷ ᠡᠶᠡᠳᠡᠬᠦᠯᠦᠨ ᠵᠤᠬᠢᠴᠠᠭᠤᠯᠤᠭᠰᠠᠨ ᠢᠶᠠᠷ ᠵᠦᠷᠢᠴᠡᠯ ᠡᠬᠦᠰᠦᠭᠰᠡᠨ ᠬᠤᠶᠠᠷ | ᠲᠠᠯ᠎ᠠ ᠪᠠᠷ ᠢᠶᠠᠨ ᠠᠩᠬ᠎ᠠ ᠠᠯᠬᠤᠮ ᠤᠨ ᠬᠠᠮᠳᠤ ᠶᠢᠨ ᠲᠠᠨᠢᠯᠳᠠ ᠲᠠᠢ ᠪᠤᠯᠤᠭᠰᠠᠨ ᠪᠠᠶᠢᠨ᠎ᠠ᠃ | ᠤᠢᠢᠯᠠᠭᠠᠭᠰᠠᠨ ᠢᠶᠠᠷ᠂ ᠮᠠᠯᠴᠢᠨ ᠲᠠᠷᠢᠶᠠᠴᠢᠳ ᠤᠨ ᠪᠤᠳᠤᠯᠭᠠᠰᠢᠷᠠᠯ ᠰᠠᠨᠠᠭᠠᠰᠢᠷᠠᠯ ᠢ ᠵᠤᠬᠢᠰᠳᠠᠢ ᠲᠠᠶᠢᠯᠵᠤ᠂ | ᠵᠦᠷᠢᠴᠡᠯ ᠮᠦᠷᠬᠦᠯᠳᠦᠬᠡᠨ ᠢ ᠬᠠᠮᠤᠭ ᠤᠨ ᠪᠠᠭ᠎ᠠ ᠬᠡᠮᠵᠢᠶᠠᠨ ᠳᠤ ᠬᠢᠵᠠᠭᠠᠷᠯᠠᠬᠤ ᠪᠠᠷ ᠰᠦᠯᠳᠡ ᠰᠤᠮᠤ ᠶᠡᠭᠡ ᠤᠴᠢᠷ ᠢ | ᠪᠠᠭᠠᠰᠬᠠᠵᠤ᠂ ᠪᠠᠭ᠎ᠠ ᠤᠴᠢᠷ ᠢ ᠦᠬᠡᠶᠢᠰᠬᠡᠬᠦ ᠦᠨᠳᠦᠰᠦᠨ ᠵᠠᠷᠴᠢᠮ ᠢ ᠪᠠᠷᠢᠮᠳᠠᠯᠠᠨ᠂ ᠵᠠᠬᠢᠳᠠᠯ ᠰᠤᠷᠪᠤᠯᠵᠢᠯᠠᠯ ᠤᠨ | ᠲᠤᠪᠴᠢᠶ᠎ᠠ᠂ ᠲᠤᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠵᠡᠷᠬᠡ ᠪᠠᠶᠢᠭᠤᠯᠭ᠎ᠠ ᠨᠢᠬᠡᠴᠢ ᠠᠴᠠ ᠠᠷᠭ᠎ᠠ | ᠲᠤᠷᠰᠢᠯᠭ᠎ᠠ ᠲᠠᠢ ᠠᠵᠢᠯᠳᠠᠨ ᠢ ᠰᠤᠩᠭᠤᠨ᠂ ᠠᠯᠳᠠᠨ ᠮᠧᠳᠠᠯᠳᠤ ᠡᠶᠡᠳᠡᠬᠦᠯᠦᠨ ᠵᠤᠬᠢᠴᠠᠭᠤᠯᠬᠤ ᠲᠤᠭᠤᠢᠢᠯᠠᠩ ᠢ | ᠪᠠᠶᠢᠭᠤᠯᠵᠤ᠂ ᠵᠦᠷᠢᠴᠡᠯ ᠵᠠᠭᠤᠷᠠᠯᠳᠤᠭᠠᠨ ᠤ ᠨᠢᠬᠡᠳᠦᠬᠡᠷ ᠹᠷᠤᠨᠲ ᠲᠤ ᠴᠠᠭ ᠲᠤᠬᠠᠢ ᠳᠤᠨᠢ ᠬᠦᠷᠴᠦ ᠠᠷᠠᠳ | ᠤᠯᠠᠨ ᠤ ᠠᠰᠢᠬ ᠲᠤᠰᠠ ᠶᠢ ᠦᠨᠡᠨ ᠬᠦ ᠬᠠᠮᠠᠭᠠᠯᠠᠨ᠂ ᠦᠨᠳᠦᠰᠦᠨ ᠱᠠᠳᠤᠨ ᠤ ᠪᠦᠲᠦᠬᠡᠨ ᠪᠠᠶᠢᠭᠤᠯᠤᠯᠳᠠ ᠳᠤ | ᠬᠦᠴᠦᠨ ᠨᠡᠮᠡᠷᠢᠯᠡᠵᠦ ᠪᠤᠢ᠃ | |