ᠮᠠᠯᠵᠢᠬᠤ ᠲᠠᠷᠢᠶᠠᠯᠠᠬᠤ ᠤᠷᠤᠨ ᠳᠤ ᠬᠦᠳᠡᠯᠮᠦᠷᠢ ᠬᠦᠴᠦ ᠲᠤᠳᠠᠮᠠᠭ᠂ ᠮᠠᠯ ᠲᠠᠷᠢᠶᠠᠯᠠᠩ ᠠᠵᠤ ᠠᠬᠤᠢ ᠶᠢᠨ | ᠮᠡᠷᠬᠡᠵᠢᠯ ᠤᠨ ᠴᠢᠳᠠᠪᠤᠷᠢᠳᠡᠨ ᠲᠤᠳᠠᠮᠠᠭ᠂ ᠮᠠᠯ ᠲᠠᠷᠢᠶᠠᠯᠠᠩ ᠠᠵᠤ ᠠᠬᠤᠢ ᠶᠢᠨ ᠮᠠᠰᠢᠨᠴᠢᠯᠠᠯᠳᠠ ᠶᠢᠨ ᠬᠢᠷᠢ | ᠲᠥᠪᠰᠢᠨ ᠲᠣᠣᠷ᠎ᠠ ᠪᠠᠶᠢᠭ᠎ᠠ ᠨᠢ ᠮᠠᠯᠴᠢᠨ ᠲᠠᠷᠢᠶᠠᠴᠢᠨ ᠳᠤ ᠲᠤᠯᠭᠠᠷᠠᠵᠤ ᠪᠠᠶᠢᠭ᠎ᠠ ᠬᠦᠴᠢᠷᠳᠡᠯ ᠲᠠᠢ ᠠᠰᠠᠭᠤᠳᠠᠯ | ᠶᠤᠮ᠃ ᠡᠳᠡᠬᠡᠷ ᠬᠦᠴᠢᠷᠳᠡᠯ ᠠᠰᠠᠭᠤᠳᠠᠯ ᠢ ᠲᠤᠬᠢᠳᠠᠢ ᠰᠢᠢᠳᠪᠤᠷᠢᠯᠠᠵᠤ ᠬᠦᠳᠡᠭᠡ ᠲᠤᠰᠬᠤᠨ ᠤ ᠬᠦᠭᠵᠢᠯᠳᠡ ᠳᠤ | ᠬᠦᠴᠦᠨ ᠨᠡᠮᠡᠷᠢᠯᠡᠬᠦ ᠵᠤᠷᠢᠯᠭ᠎ᠠ ᠪᠠᠷ ᠪᠠᠶᠢᠭᠤᠯᠤᠭᠳᠠᠭᠰᠠᠨ ᠲᠤᠭ ᠪᠠᠯᠭᠠᠰᠤᠨ ᠤ ᠮᠠᠯ ᠲᠠᠷᠢᠶᠠᠯᠠᠩ ᠠᠵᠤ ᠠᠬᠤᠢ ᠶᠢᠨ | ᠨᠡᠶᠢᠬᠡᠮᠴᠢᠯᠠᠯᠳᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠨᠢ ᠡᠳᠦᠬᠡ ᠦᠢᠯᠡᠳᠦᠯ ᠴᠢᠳᠠᠪᠤᠷᠢ ᠪᠠᠨ | ᠬᠦᠢᠴᠡᠳ ᠪᠠᠳᠠᠷᠠᠭᠤᠯᠤᠨ ᠬᠦᠳᠡᠭᠡ ᠠᠵᠤ ᠠᠬᠤᠢ ᠶᠢᠨ ᠬᠦᠭᠵᠢᠯᠳᠡ ᠶᠢᠨ ᠬᠦᠴᠦᠳᠦ ᠲᠦᠰᠢᠭ ᠪᠤᠯᠵᠤ ᠤᠯᠠᠨ | ᠲᠥᠮᠡᠨ ᠤ ᠬᠠᠯᠠᠭᠤᠨ ᠬᠦᠷᠢᠶᠠᠯᠠᠯ ᠢ ᠤᠯᠵᠤ ᠪᠠᠶᠢᠨ᠎ᠠ᠃ | ᠣᠶᠢᠷ᠎ᠠ ᠳᠤ᠂ ᠲᠤᠭ ᠪᠠᠯᠭᠠᠰᠤᠨ ᠤ ᠮᠠᠯ ᠲᠠᠷᠢᠶᠠᠯᠠᠩ ᠠᠵᠤ ᠠᠬᠤᠢ ᠶᠢᠨ ᠨᠡᠶᠢᠬᠡᠮᠴᠢᠯᠠᠯᠳᠠ ᠶᠢᠨ | ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠤᠨ ᠮᠠᠯ ᠡᠮᠨᠡᠯᠬᠡ ᠶᠢᠨ ᠦᠢᠯᠡᠴᠢᠯᠡᠬᠡᠨ ᠤ ᠠᠩᠬᠢ ᠶᠢᠨ ᠬᠡᠰᠢᠬᠦᠳ ᠲᠤᠭ | ᠪᠠᠯᠭᠠᠰᠤᠨ ᠤ ᠬᠤᠸᠠᠳᠤᠯᠤᠭᠠᠢ ᠭᠠᠴᠠᠭᠠᠨ ᠤ ᠮᠠᠯᠴᠢᠨ ᠰᠠᠷᠠᠩᠭᠤᠸ᠎ᠠ ᠶᠢᠨ ᠬᠢᠨ ᠤ ᠬᠤᠷᠢᠭᠠᠳ ᠦᠭᠡᠷ ᠲᠤ | ᠬᠠᠪᠤᠷ ᠤᠨ ᠬᠤᠷᠤᠬᠠᠢ ᠲᠤᠭᠤᠬᠤ ᠲᠠᠷᠢᠯᠭ᠎ᠠ ᠬᠢᠵᠦ ᠥᠭᠬᠦᠯ᠎ᠡ᠃ | ᠮᠠᠯᠴᠢᠨ ᠰᠠᠷᠠᠩᠭᠤᠸ᠎ᠠ᠄ ︽ᠭᠡᠷ ᠲᠤ ᠢᠷᠡᠭᠡᠳ ᠡᠮᠴᠢᠯᠡᠭᠡ ᠬᠢᠭᠰᠡᠨ ᠨᠢ ᠶᠡᠭᠡ ᠳᠥᠭᠦᠮ ᠪᠠᠶᠢᠨ᠎ᠠ᠃ | ᠠᠩᠬᠠᠨ ᠳᠠᠭᠠᠨ ᠪᠢᠳᠠ ᠡᠪᠡᠳᠴᠢᠨ ᠢ ᠨᠢ ᠲᠤᠳᠤᠯᠠᠵᠤ ᠲᠡᠶᠢᠯᠬᠦ ᠦᠬᠡᠢ ᠦᠪᠡᠷ ᠢᠶᠠᠨ ᠡᠮ ᠢᠶᠠᠨ ᠬᠤᠳᠠᠯᠳᠤᠵᠤ | ᠠᠪᠤᠭᠠᠳ ᠡᠮᠨᠡᠳᠡᠭ ᠪᠠᠶᠢᠭᠰᠠᠨ᠂ ᠣᠳᠣ ᠭᠠᠴᠠᠭᠠᠨ ᠤ ᠦᠢᠯᠡᠴᠢᠯᠡᠬᠦ ᠲᠥᠪ ᠲᠤ ᠪᠠᠭᠠᠰᠤ ᠶᠢ ᠨᠢ ᠪᠠᠶᠢᠴᠠᠭᠠᠵᠦ ᠶᠠᠮᠠᠷ | ᠡᠪᠡᠳᠴᠢᠨ ᠪᠤᠯᠬᠤ ᠶᠢ ᠨᠢ ᠲᠤᠳᠤᠯᠠᠴᠢᠬᠠᠭᠠᠳ ᠭᠡᠷ ᠲᠤ ᠢᠷᠡᠭᠡᠳ ᠡᠮᠴᠢᠯᠡᠭᠡ ᠬᠢᠴᠢᠬᠡᠨᠠ᠃ ᠢᠩᠬᠢᠬᠦᠯᠡᠷ ᠮᠠᠯᠴᠢᠨ | ᠲᠥᠮᠡᠨ ᠳᠤ ᠶᠡᠭᠡ ᠲᠦᠬᠦᠮ ᠪᠠᠶᠢᠨ᠎ᠠ︾ ᠭᠡᠪᠡ᠃ | ᠡᠨᠡᠬᠦ ᠮᠠᠯ ᠡᠮᠨᠡᠯᠬᠡ ᠶᠢᠨ ᠦᠢᠯᠡᠴᠢᠯᠡᠬᠡᠨ ᠤ ᠠᠩᠬᠢ ᠨᠢ ᠲᠤᠭ ᠪᠠᠯᠭᠠᠰᠤᠨ ᠤ ᠠᠷᠪᠠᠨ ᠭᠠᠴᠠᠭ᠎ᠠ ᠲᠤᠰᠬᠤᠨ ᠤ | ᠤᠯᠠᠨ ᠲᠦᠮᠡᠨ ᠳᠤ ᠦᠷᠬᠦᠯᠵᠢ ᠶᠢᠨ ᠴᠢᠨᠠᠷ ᠲᠠᠢ ᠦᠢᠯᠡᠴᠢᠯᠡᠭᠡ ᠬᠠᠩᠭᠠᠵᠤ ᠪᠠᠶᠢᠳᠠᠭ᠃ ᠲᠤᠰ ᠲᠥᠪ ᠤᠨ ᠮᠠᠯ | ᠡᠮᠨᠡᠯᠬᠡ ᠶᠢᠨ ᠦᠢᠯᠡᠴᠢᠯᠡᠬᠡᠨ ᠤ ᠠᠩᠬᠢ ᠶᠢᠨ ᠬᠡᠰᠢᠬᠦᠳ ᠬᠠᠪᠤᠷ ᠤᠨ ᠤᠯᠠᠷᠢᠯ ᠤᠨ ᠮᠠᠯ ᠤᠨ ᠬᠢᠵᠢᠭ ᠰᠡᠷᠬᠡᠶᠢᠯᠡᠯᠬᠡ | ᠵᠡᠷᠬᠡ ᠠᠵᠢᠯ ᠳᠤ ᠶᠠᠭᠠᠷᠠᠯᠳᠤᠵᠤ ᠪᠠᠶᠢᠬᠤ ᠳᠤ ᠲᠥᠪ ᠤᠨ ᠡᠷᠬᠢᠯᠡᠭᠴᠢ ᠪᠢᠯᠢᠭ ᠲᠠᠷᠢᠶᠠᠯᠠᠩ ᠤᠨ ᠮᠠᠰᠢᠨ ᠤ | ᠦᠢᠯᠡᠴᠢᠯᠡᠬᠡᠨ ᠤ ᠠᠩᠬᠢ ᠶᠢᠨ ᠡᠯ᠎ᠡ ᠲᠥᠷᠥᠯ ᠤᠨ ᠮᠠᠰᠢᠨ ᠲᠷᠺᠲ᠋ᠤᠷ ᠤᠨ ᠠᠷᠠᠴᠢᠯᠠᠯᠳᠠ ᠶᠢᠨ ᠠᠵᠢᠯ ᠳᠤ | ᠭᠠᠪᠰᠢᠭᠠᠶᠢᠯᠠᠨ ᠮᠠᠯᠴᠢᠳ ᠤᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠮᠠᠰᠢᠨ ᠲᠷᠺᠲ᠋ᠤᠷ ᠤᠨ | ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠬᠠᠩᠭᠠᠬᠤ ᠶᠢ ᠪᠠᠳᠤᠯᠠᠵᠤ ᠪᠠᠶᠢᠨ᠎ᠠ᠃ | ᠮᠠᠯ ᠡᠮᠨᠡᠯᠬᠡ ᠶᠢᠨ ᠦᠢᠯᠡᠴᠢᠯᠡᠭᠡᠨ ᠤ ᠠᠩᠬᠢ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠬᠢ ᠪᠠ | ᠡᠬᠦᠯᠳᠡᠷ ᠰᠠᠶᠢᠵᠢᠷᠠᠭᠤᠯᠬᠤ ᠦᠢᠯᠡᠴᠢᠯᠡᠬᠡᠨ ᠤ ᠠᠩᠬᠢ ᠵᠡᠷᠭᠡ ᠭᠤᠷᠪᠠᠨ ᠦᠢᠯᠡᠴᠢᠯᠡᠬᠡᠨ ᠤ ᠠᠩᠬᠢ ᠶᠢᠨ ᠬᠤᠷᠢᠨ | ᠲᠤᠯᠤᠭᠠᠨ ᠬᠡᠰᠢᠬᠦᠨ ᠢᠶᠠᠷ ᠪᠦᠷᠢᠯᠳᠦᠭᠰᠡᠨ ᠲᠤᠭ ᠪᠠᠯᠭᠠᠰᠤᠨ ᠤ ᠮᠠᠯ ᠲᠠᠷᠢᠶᠠᠯᠠᠩ ᠠᠵᠤ ᠠᠬᠤᠢ ᠶᠢᠨ | ᠨᠡᠶᠢᠬᠡᠮᠴᠢᠯᠠᠯᠳᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠨᠢ 2019 ᠤᠨ ᠤ 4 ᠰᠠᠷ᠎ᠠ ᠠᠴᠠ | ᠠᠰᠢᠭᠯᠠᠯᠳᠠ ᠳᠤ ᠤᠷᠤᠵᠤ ᠮᠠᠯᠴᠢᠨ ᠲᠠᠷᠢᠶᠠᠴᠢᠨ ᠤ ᠲᠤᠯᠭᠠᠮ ᠬᠦᠴᠢᠷᠳᠡᠯ ᠢ ᠪᠤᠳᠠᠳᠠᠢ ᠰᠢᠢᠳᠪᠤᠷᠢᠯᠠᠵᠤ ᠡᠬᠢᠯᠡᠵᠡᠢ᠃ | ᠡᠬᠦᠨ ᠳᠤ ᠮᠠᠯ ᠡᠮᠨᠡᠯᠬᠡ ᠶᠢᠨ ᠦᠢᠯᠡᠴᠢᠯᠡᠬᠡᠨ ᠤ ᠠᠩᠬᠢ ᠨᠢ ᠪᠦᠬᠦ ᠪᠠᠯᠭᠠᠰᠤᠨ ᠤ ᠠᠷᠪᠠᠨ ᠭᠠᠴᠠᠭ᠎ᠠ ᠲᠤᠰᠬᠤᠨ ᠤ | ᠮᠠᠯᠴᠢᠨ ᠲᠠᠷᠢᠶᠠᠴᠢᠨ ᠳᠤ ᠦᠢᠯᠡᠴᠢᠯᠡᠭᠡ ᠬᠠᠩᠭᠠᠵᠤ ᠲᠠᠷᠢᠶᠠᠯᠠᠩ ᠤᠨ ᠮᠠᠰᠢᠨ ᠤ ᠦᠢᠯᠡᠴᠢᠯᠡᠬᠡᠨ ᠤ ᠠᠩᠬᠢ ᠪᠠ | ᠡᠬᠦᠯᠳᠡᠷ ᠰᠠᠶᠢᠵᠢᠷᠠᠭᠤᠯᠬᠤ ᠦᠢᠯᠡᠴᠢᠯᠡᠬᠡᠨ ᠤ ᠠᠩᠬᠢ ᠨᠢ ᠤᠳᠤᠬᠠᠨ ᠲᠡᠭᠡᠷ᠎ᠡ ᠬᠤᠸᠠᠳᠣᠯᠣᠭᠠᠢ ᠭᠠᠴᠠᠭᠠᠨ ᠤ ᠤᠯᠠᠨ | ᠲᠦᠮᠡᠨ ᠳᠤ ᠦᠢᠯᠡᠴᠢᠯᠡᠭᠡ ᠬᠠᠩᠭᠠᠵᠦ ᠪᠤᠢ᠃ ᠦᠢᠯᠡᠴᠢᠯᠡᠬᠡᠨ ᠤ ᠲᠥᠪ ᠪᠠᠶᠢᠭᠤᠯᠤᠭᠳᠠᠬᠤ ᠦᠶ᠎ᠡ ᠳᠤ ᠲᠤᠭ | ᠪᠠᠯᠭᠠᠰᠤ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠯᠪᠠᠯᠠᠬᠤ ᠭᠠᠵᠠᠷ᠂ ᠪᠠᠭᠠᠵᠢ ᠲᠦᠬᠦᠬᠡᠷᠦᠮᠵᠢ᠂ ᠮᠠᠰᠢᠨ | ᠲᠣᠨᠣᠭᠯᠠᠯ ᠵᠡᠷᠬᠡ ᠶᠢ ᠢᠵᠢ ᠪᠦᠷᠢᠯᠳᠦᠬᠦᠯᠵᠤ ᠥᠭᠭᠦᠭᠰᠡᠨ ᠠᠴᠠ ᠤᠳᠤ 4000 ᠲᠡᠭᠰᠢ ᠲᠦᠷᠪᠡᠯᠵᠢᠨ ᠮᠧᠲᠷ ᠤᠨ | ᠡᠮᠴᠢᠯᠡᠬᠡᠨ ᠤ ᠬᠡᠷ᠂ ᠬᠠᠰᠢᠶ᠎ᠠ ᠰᠠᠷᠠᠪᠴᠢ᠂ ᠨᠢᠬᠡ ᠰᠠᠭᠤᠷᠢ ᠬᠠᠳᠤᠵᠤ ᠬᠤᠷᠢᠶᠠᠬᠤ ᠮᠠᠰᠢᠨ᠂ ᠬᠤᠶᠠᠷ ᠰᠠᠭᠤᠷᠢ | ᠲᠤᠮᠤ ᠬᠡᠯᠪᠡᠷᠢ ᠶᠢᠨ ᠲᠷᠺᠲ᠋ᠤᠷ᠂ 29 ᠢᠵᠢ ᠮᠠᠯ ᠡᠮᠨᠡᠯᠬᠡ ᠶᠢᠨ ᠲᠦᠬᠦᠬᠡᠷᠤᠮᠵᠢ᠂ ᠨᠢᠭᠡ ᠢᠵᠢ ᠬᠡᠬᠡᠯᠳᠦᠬᠦᠯᠬᠡ ᠶᠢᠨ | ᠪᠠᠷᠢᠮᠵᠢᠶᠠᠳᠤ ᠲᠦᠬᠦᠬᠡᠷᠤᠮᠵᠢ ᠲᠠᠢ ᠪᠣᠯᠵᠤ ᠦᠢᠯᠡᠴᠢᠯᠡᠬᠡᠨ ᠤ ᠠᠵᠢᠯ ᠢᠶᠠᠨ ᠥᠷᠨᠢᠬᠦᠯᠬᠦ ᠳᠤᠨᠢ ᠪᠦᠬᠦ ᠲᠠᠯ᠎ᠠ ᠶᠢᠨ | ᠪᠠᠳᠤᠯᠠᠭ᠎ᠠ ᠲᠠᠢ ᠪᠣᠯᠵᠠᠢ᠃ ᠨᠢᠳᠤᠨᠤᠨ ᠲᠤᠰ ᠲᠥᠪ ᠤᠨ ᠮᠠᠯ ᠡᠮᠨᠡᠯᠬᠡ ᠶᠢᠨ ᠦᠢᠯᠡᠴᠢᠯᠡᠬᠡᠨ ᠤ ᠠᠩᠬᠢ ᠨᠢ 1500 | ᠭᠠᠷᠤᠢ ᠡᠷᠦᠬᠡ ᠳᠤ ᠦᠢᠯᠡᠴᠢᠯᠡᠭᠡ ᠬᠠᠩᠭᠠᠵᠤ ᠲᠠᠷᠢᠶᠠᠯᠠᠩ ᠤᠨ ᠮᠠᠰᠢᠨ ᠤ ᠦᠢᠯᠡᠴᠢᠯᠡᠬᠡᠨ ᠤ ᠠᠩᠬᠢ ᠪᠠ ᠡᠬᠦᠯᠳᠡᠷ | ᠰᠠᠶᠢᠵᠢᠷᠠᠭᠤᠯᠬᠤ ᠦᠢᠯᠡᠴᠢᠯᠡᠬᠡᠨ ᠤ ᠠᠩᠬᠢ ᠨᠢ 150 ᠭᠠᠷᠤᠢ ᠡᠷᠦᠬᠡ ᠳᠤ ᠦᠢᠯᠡᠴᠢᠯᠡᠭᠡ ᠬᠠᠩᠭᠠᠭᠰᠠᠨ ᠪᠠᠶᠢᠨ᠎ᠠ᠃ | | |