ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠪᠴᠢᠶᠠᠨ ᠤ ᠳᠠᠷᠤᠭ᠎ᠠ ᠯᠢᠦ ᠳ᠋ᠦᠩ ᠯᠢᠶᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠭᠢᠪᠡ
ᠨᠡᠶᠢᠲᠡᠯᠡᠭᠰᠡᠨ ᠴᠠᠭ᠄
2020-05-14
     5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠲᠣᠪᠴᠢᠶᠠᠨ ᠤ ᠳᠠᠷᠤᠭ᠎ᠠ ᠯᠢᠦ  ᠳ᠋ᠦᠩ ᠯᠢᠶᠠᠩ ᠨᠠᠷ ᠮᠠᠨ ᠤ ᠬᠤᠰᠢᠭᠤᠨ ᠳᠤ ᠢᠷᠡᠵᠦ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠤᠯᠲᠡ ᠶᠢᠨ ᠵᠠᠭᠠᠭ ᠤᠨ ᠬᠡᠪᠴᠢᠶ᠎ᠡ ᠶᠢ ᠲᠥᠰᠦᠭᠡᠯᠡᠨ ᠪᠣᠳᠣᠬᠤ ᠠᠵᠢᠯ  ᠳᠤ ᠪᠠᠶᠢᠴᠠᠭᠠᠨ ᠰᠤᠳᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠳᠠᠷᠤᠭ᠎ᠠ ᠯᠢ ᠵᠥᠩ ᠯᠢᠨ ᠪᠤᠯᠤᠨ ᠬᠤᠲᠠ ᠬᠤᠰᠢᠭᠤ ᠬᠤᠶᠠᠷ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂  ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠡᠯ᠎ᠡ ᠲᠥᠷᠥᠯ ᠵᠥᠢᠯ ᠤᠨ ᠲᠣᠭᠤᠷᠢᠭ ᠪᠣᠯᠤᠨ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠨᠡᠭᠡᠭᠡᠨ ᠭᠥᠭᠵᠢᠭᠦᠯᠭᠦ ᠣᠷᠣᠨ ᠤ ᠲᠥᠯᠥᠪᠵᠢᠭᠦᠯᠭᠡ ᠶᠢᠨ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠵᠢᠴᠢ ᠠᠵᠤ ᠠᠬᠤᠶᠢᠯᠠᠯ ᠤᠨ ᠥᠢᠯᠡᠳᠪᠤᠷᠢᠯᠠᠯ ᠡᠵᠡᠩᠨᠡᠯᠲᠡ ᠡᠷᠭᠢᠯᠳᠠ ᠶᠢᠨ ᠪᠠᠶᠢᠳᠠᠯ ᠢ ᠣᠶᠢᠯᠠᠭᠠᠪᠠ᠃
     ᠯᠢᠦ ᠳ᠋ᠦᠩ ᠯᠢᠶᠠᠩ ᠵᠢᠭᠠᠵᠤ ᠭᠠᠷᠭᠠᠭᠰᠠᠨ ᠨᠢ᠂ ᠨᠡᠭᠡᠭᠡᠯᠲᠡ ᠶᠢᠨ ᠣᠷᠣᠨ ᠤ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠤᠯᠲᠡ ᠶᠢᠨ ᠵᠠᠭᠠᠭ ᠪᠣᠯ ᠵᠣᠬᠢᠬᠤ ᠬᠤᠭᠤᠴᠠᠭᠠᠨ ᠳᠣᠲᠣᠷ᠎ᠠ ᠨᠡᠭᠡᠭᠡᠨ ᠬᠥᠭᠵᠢᠭᠦᠯᠬᠦ ᠣᠷᠣᠨ ᠢ ᠲᠥᠯᠥᠪᠵᠢᠭᠦᠯᠤᠨ ᠪᠥᠲᠥᠭᠡᠨ ᠪᠠᠶᠢᠭᠤᠯᠬᠤ ᠶᠢ ᠵᠢᠯᠣᠭᠤᠳᠬᠤ ᠪᠠ ᠬᠢᠵᠠᠭᠠᠷᠯᠠᠬᠤ ᠵᠠᠭᠠᠭ ᠭᠢᠵᠠᠭᠠᠷ ᠪᠣᠯᠤᠨ᠎ᠠ᠃ ᠥᠥᠰᠢᠨ ᠬᠤᠰᠢᠭᠤ ᠣᠷᠣᠨ ᠪᠦᠰᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ ︽ᠠᠷᠪᠠᠨ ᠲᠥᠷᠪᠡᠳᠤᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠬᠤ ᠪᠠᠷ ᠪᠠᠶᠢᠭ᠎ᠠ ᠴᠢᠬᠤᠯᠠ ᠶᠡᠭᠡ ᠲᠥᠷᠥᠯ ᠵᠥᠢᠯ ᠢ ᠨᠠᠷᠢᠨ ᠨᠢᠮᠪᠠᠶ ᠲᠥᠯᠥᠪᠯᠡᠨ ᠮᠠᠲ᠋ᠧᠷᠢᠶᠠᠯ ᠤᠨ ᠨᠠᠷᠢᠨ ᠳᠠᠩᠰᠠ ᠪᠠ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠵᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠪᠠ ᠬᠤᠲᠠ ᠪᠠᠯᠭᠠᠰᠤᠨ ᠤ ᠨᠡᠭᠡᠭᠡᠨ ᠭᠥᠭᠵᠢᠭᠦᠯᠤᠯᠲᠡ  ᠶᠢᠨ ᠵᠠᠭᠠᠭ ᠤᠨ ᠬᠡᠪᠴᠢᠶ᠎ᠡ ᠶᠢ ᠲᠥᠰᠦᠭᠡᠯᠡᠨ ᠪᠤᠳᠤᠬᠤ ᠠᠵᠢᠯ ᠢ ᠰᠠᠶᠢᠲᠤᠷ ᠬᠢᠬᠦ ᠳᠤ ᠪᠠᠳᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃      ᠵᠣᠣ ᠹᠸᠢ ᠯᠦ ᠢᠯᠡᠷᠬᠡᠶᠢᠯᠡᠬᠦ ᠳᠡᠭᠡᠨ᠂ ᠮᠠᠨ ᠤ ᠬᠤᠰᠢᠭᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ  ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ  ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠲᠠᠢ ᠢᠳᠡᠪᠬᠢᠲᠡᠶ ᠬᠠᠮᠵᠢᠯᠴᠠᠵᠦ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠤᠯᠲᠡ  ᠶᠢᠨ ᠵᠠᠭᠠᠭ ᠤᠨ ᠬᠡᠪᠴᠢᠶ᠎ᠡ ᠶᠢ ᠲᠥᠰᠦᠭᠡᠯᠡᠨ ᠪᠤᠳᠤᠬᠤ ᠠᠵᠢᠯ ᠢ ᠰᠠᠶᠢᠲᠤᠷ ᠭᠢᠭᠦ ᠶᠤᠮ᠃ ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠥᠥᠰᠢᠨ ᠬᠤᠰᠢᠭᠤᠨ‌‍ᠤ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ᠂ ᠴᠢᠬᠤᠯᠠ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠵᠡᠷᠭᠡ ᠲᠠᠯ᠎ᠠ ᠪᠠᠷ ᠲᠠᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号