5 ᠰᠠᠷ᠎ᠠ ᠶᠢᠨ 11 ᠤ ᠡᠳᠤᠷ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ | ᠪᠠᠶᠢᠩᠭᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠥ᠂ ᠡᠯ᠎ᠡ ᠠᠷᠠᠳᠴᠢᠯᠠᠬᠰᠠᠨ ᠨᠠᠮ ᠪᠦᠯᠦᠭ ᠤᠨ ᠳᠦᠪ ᠬᠤᠷᠢᠶ᠎ᠠ᠂ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ ᠪᠤᠯᠤᠨ ᠨᠠᠮ ᠪᠦᠯᠦᠭ ᠤᠨ | ᠪᠤᠰᠤ ᠬᠦᠮᠦᠰ ᠤᠨ ᠳᠦᠯᠦᠬᠡᠯᠡᠭᠴᠢ ᠶᠢᠨ ︽ᠵᠠᠰᠠᠬ ᠤᠨ ᠤᠷᠳᠤᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ | ᠡᠬᠡ ᠪᠢᠴᠢᠭ︶︾ ᠤᠨ ᠳᠤᠬᠠᠢ ᠰᠠᠨᠠᠯ ᠰᠠᠨᠠᠭᠤᠯᠭ᠎ᠠ ᠶᠢ ᠰᠤᠨᠤᠰᠴᠠᠢ᠃ | ᠯᠢ ᠺᠧ ᠴᠢᠶᠠᠩ᠂ ᠡᠯ᠎ᠡ ᠠᠷᠠᠳᠴᠢᠯᠠᠬᠰᠠᠨ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ ᠢ ᠤᠷᠢᠵᠥ ᠵᠠᠰᠠᠬ ᠤᠨ ᠤᠷᠳᠤᠨ ᠤ | ᠠᠵᠢᠯ ᠤᠨ ᠢᠯᠡᠳᠬᠡᠯ ᠳᠤ ᠰᠠᠨᠠᠯ ᠰᠠᠨᠠᠭᠤᠯᠭ᠎ᠠ ᠭᠠᠷᠭᠠᠬᠤ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠬᠰᠠᠨ ᠤᠯᠠᠨ ᠨᠠᠮ ᠤᠨ ᠬᠠᠮᠳᠤᠷᠠᠨ ᠠᠵᠢᠯᠯᠠᠬᠤ ᠪᠠ ᠤᠯᠤᠰ ᠳᠦᠷᠦ ᠶᠢᠨ ᠵᠦᠪᠯᠡᠯᠬᠡ ᠬᠢᠬᠦ | ᠪᠠᠶᠢᠭᠤᠯᠤᠯ ᠤᠨ ᠴᠢᠬᠤᠯᠠ ᠢᠯᠡᠷᠡᠯ ᠮᠦᠨ᠂ ᠵᠠᠰᠠᠬ ᠤᠨ ᠤᠷᠳᠤᠨ ᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ | ᠰᠢᠢᠳᠪᠦᠷᠢᠳᠤ ᠪᠤᠳᠤᠯᠭ᠎ᠠ ᠭᠠᠷᠭᠠᠵᠥ᠂ ᠤᠬᠠᠮᠰᠠᠷ ᠠᠴᠠ ᠪᠠᠨ ᠬᠢᠨᠠᠯᠳᠠ ᠬᠦᠯᠢᠶᠡᠬᠦ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠦᠨ᠃ ᠤᠯᠠᠨ ᠢᠶᠠᠷ ᠢᠶᠠᠨ ᠴᠢᠯᠦᠭᠡᠳᠠᠢ ᠶᠠᠷᠢᠯᠴᠠᠬᠤ ᠶᠢ ᠬᠦᠰᠡᠵᠥ ᠪᠠᠶᠢᠨ᠎ᠠ ᠬᠡᠪᠡ᠃ | ᠤᠯᠠᠨ ᠢᠶᠠᠷ ᠢᠶᠠᠨ᠂ ᠨᠢᠳᠤᠨᠤᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ | ᠪᠦᠬᠦ ᠤᠯᠤᠰ ᠤᠨ ᠠᠷᠠᠳ ᠳᠦᠮᠡᠨ ᠢ ᠪᠦᠯᠬᠦᠮᠳᠡᠬᠦᠯᠦᠨ ᠳᠠᠭᠠᠭᠤᠯᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ | ᠠᠶᠤᠯ ᠳᠦᠭᠰᠢᠬᠦᠷᠢ ᠦᠷᠢᠰᠦᠯᠳᠦᠬᠡᠨ ᠢ ᠪᠦᠳᠦᠮᠵᠢᠳᠡᠢ ᠠᠷᠭᠠᠴᠠᠭᠠᠵᠥ᠂ ᠪᠦᠬᠦ ᠵᠢᠯ ᠤᠨ ᠠᠵᠥ ᠠᠬᠤᠢ ᠨᠡᠶᠢᠬᠡᠮ ᠤᠨ | ᠬᠦᠭᠵᠢᠯᠳᠡ ᠶᠢᠨ ᠭᠤᠤᠯ ᠬᠠᠷᠠᠯᠳᠠ ᠡᠬᠦᠷᠬᠡ ᠪᠠᠨ ᠨᠡᠯᠢᠶᠡᠳ ᠰᠠᠶᠢᠨ ᠪᠡᠶᠡᠯᠡᠬᠦᠯᠪᠡ᠃ ᠡᠨᠡ ᠵᠢᠯ ᠠᠴᠠ ᠨᠠᠭᠠᠰᠢ᠂ | ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠬᠦᠨᠳᠤ ᠨᠤᠴᠢᠳᠠᠢ ᠳᠠᠭᠠᠷᠢᠯᠳᠠ ᠶᠢᠨ | ᠡᠮᠦᠨ᠎ᠠ᠂ ᠤᠯᠤᠰ ᠳᠠᠶᠠᠭᠠᠷ ᠢᠶᠠᠨ ᠬᠠᠳᠠᠭᠤᠵᠢᠯᠳᠠᠢ ᠴᠢᠷᠮᠠᠶᠢᠵᠥ᠂ ᠤᠬᠤᠷᠬᠠᠨ ᠬᠤᠭᠤᠴᠠᠭᠠᠨ ᠳᠤᠳᠤᠷ᠎ᠠ ᠬᠢᠵᠢᠭ ᠤᠨ | ᠪᠠᠶᠢᠳᠠᠯ ᠢ ᠪᠦᠳᠦᠮᠵᠢᠳᠡᠢ ᠰᠡᠷᠬᠡᠶᠢᠯᠡᠨ ᠡᠵᠡᠮᠳᠡᠵᠥ᠂ ᠠᠷᠠᠳ ᠳᠦᠮᠡᠨ ᠤ ᠦᠨᠳᠦᠰᠦᠨ ᠠᠮᠢᠳᠤᠷᠠᠯ ᠢ ᠨᠡᠯᠢᠶᠠᠳ ᠰᠠᠶᠢᠨ | ᠪᠠᠳᠤᠯᠠᠵᠥ᠂ ᠠᠵᠢᠯ ᠦᠢᠯᠡᠳᠪᠦᠷᠢᠯᠡᠯ ᠢᠶᠠᠨ ᠰᠡᠷᠬᠦᠬᠡᠵᠥ ᠬᠡᠪ ᠤᠨ ᠡᠵᠡᠩᠨᠡᠯᠳᠡ ᠪᠠᠨ ᠰᠡᠷᠬᠦᠬᠡᠬᠦ ᠶᠢ ᠪᠦᠬᠦ ᠳᠠᠯ᠎ᠠ ᠪᠠᠷ | ᠠᠬᠢᠭᠤᠯᠵᠥ ᠴᠢᠳᠠᠬᠰᠠᠨ ᠨᠢ ᠳᠦᠢᠯ ᠤᠨ ᠠᠮᠠᠷ ᠦᠬᠡᠢ ᠶᠤᠮ ᠬᠡᠵᠥ ᠦᠵᠡᠵᠡᠬᠡᠪᠡ᠃ ᠤᠯᠠᠨ ᠢᠶᠠᠷ ᠢᠶᠠᠨ ᠵᠠᠰᠠᠬ ᠤᠨ | ᠤᠷᠳᠤᠨ ᠤ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠳᠤᠷ ᠬᠢᠬᠦ ᠳᠤᠬᠠᠢ ᠰᠠᠨᠠᠯ ᠰᠠᠨᠠᠭᠤᠯᠭ᠎ᠠ ᠳᠤᠷᠠᠳᠪᠠ᠃ | ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠲᠦᠪ ᠬᠤᠷᠢᠶᠠᠨ ᠤ ᠲᠡᠷᠢᠭᠦᠯᠡᠭᠴᠢ | ᠸᠠᠨ ᠡᠸ᠋ ᠰᠢᠶᠠᠩ ᠳᠤᠮᠳᠠ ᠪᠠᠭ᠎ᠠ ᠠᠵᠤ ᠠᠬᠤᠢᠢᠯᠠᠯ ᠳᠤ ᠬᠠᠪᠰᠤᠷᠤᠨ ᠬᠦᠴᠢᠷ ᠪᠡᠷᠬᠡᠰᠢᠶᠠᠯ ᠢ ᠳᠤᠭᠤᠯᠬᠤ᠂ ᠠᠵᠢᠯ | ᠤᠯᠭᠤᠯᠳᠠ ᠶᠢ ᠲᠤᠭᠳᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠳᠤᠯᠠᠬᠤ ᠶᠢᠨ ᠲᠤᠭᠤᠷᠢᠨ ᠳᠤ ᠰᠠᠨᠠᠭᠤᠯᠭ᠎ᠠ | ᠳᠤᠷᠠᠳᠴᠠᠢ᠃ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭᠠᠨ ᠤ ᠲᠦᠪ ᠬᠤᠷᠢᠶᠠᠨ ᠤ ᠲᠡᠷᠢᠭᠦᠯᠡᠭᠴᠢ ᠳ᠋ᠢᠩ | ᠵᠦᠩ ᠯᠢ ᠬᠤᠷᠸ᠎ᠠ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠠᠵᠢᠯ ᠤᠯᠭᠤᠯᠳᠠ ᠶᠢᠨ ᠨᠦᠬᠡᠴᠡ ᠬᠦᠴᠦᠨ ᠢ | ᠠᠭᠤᠳᠠᠯᠬᠤ ᠲᠤᠬᠠᠢ ᠪᠤᠳᠤᠯ ᠢᠶᠠᠨ ᠶᠠᠷᠢᠪᠠ᠃ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ | ᠬᠤᠷᠠᠯ ᠤᠨ ᠲᠦᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ ᠦᠢᠯᠡᠳᠬᠦ ᠦᠢᠯᠡᠰ ᠤᠨ ᠳᠡᠰ ᠳᠡᠪᠰᠢᠯᠳᠡ ᠶᠢ | ᠲᠦᠷᠭᠡᠳᠭᠡᠵᠤ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠭᠡᠷᠡᠴᠢᠯᠡᠨ ᠪᠠᠶᠢᠭᠤᠯᠬᠤ ᠶᠢ ᠠᠬᠢᠭᠤᠯᠬᠤ | ᠲᠤᠬᠠᠢ ᠳᠤᠷᠠᠳᠴᠠᠢ᠃ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠦᠪ ᠬᠤᠷᠢᠶᠠᠨ ᠤ | ᠲᠡᠷᠢᠭᠦᠯᠡᠭᠴᠢ ᠼᠠᠢ ᠳ᠋ᠠ ᠹᠧᠩ ᠤᠯᠠᠨ ᠨᠡᠶᠢᠳᠡ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ ᠨᠡᠶᠢᠭᠡᠮ ᠤᠨ | ᠵᠠᠰᠠᠯᠳᠠ ᠶᠢ ᠠᠬᠢᠭᠤᠯᠬᠤ ᠲᠤᠬᠠᠢ ᠰᠠᠨᠠᠭᠤᠯᠭ᠎ᠠ ᠳᠤᠷᠠᠳᠴᠠᠢ᠃ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ | ᠠᠷᠠᠳᠴᠢᠯᠠᠭᠰᠠᠨ ᠨᠠᠮ ᠤᠨ ᠲᠦᠪ ᠬᠤᠷᠢᠶᠠᠨ ᠤ ᠲᠡᠷᠢᠭᠦᠯᠡᠭᠴᠢ ᠴᠧᠨ ᠵᠦ ᠤᠯᠠᠨ ᠨᠡᠶᠢᠳᠡ ᠶᠢᠨ ᠡᠷᠡᠭᠦᠯ | ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠤᠯᠬᠤ ᠲᠤᠬᠠᠢ ᠪᠤᠳᠤᠯ ᠢᠶᠠᠨ ᠶᠠᠷᠢᠪᠠ᠃ ᡁᠢᠭᠦ᠋ᠩᠳᠠᠩ ᠨᠠᠮ ᠤᠨ | ᠲᠦᠪ ᠬᠤᠷᠢᠶᠠᠨ ᠤ ᠲᠡᠷᠢᠭᠦᠯᠡᠭᠴᠢ ᠸᠠᠨ ᠭᠠᠩ ᠤᠯᠠᠨ ᠢᠶᠠᠷ ᠢᠶᠠᠨ ᠦᠢᠯᠡᠰ ᠪᠤᠰᠬᠠᠵᠤ ᠨᠠᠶᠢᠲᠠ ᠪᠠᠷ ᠢᠶᠠᠨ ᠰᠢᠨ᠎ᠠ ᠶᠢ | ᠡᠭᠦᠳᠬᠦ᠂ ᠦᠨᠳᠦᠷ ᠲᠦᠪᠰᠢᠨ ᠪᠦᠬᠦᠢ ᠨᠡᠬᠡᠬᠡᠯᠳᠡ ᠶᠢ ᠠᠬᠢᠭᠤᠯᠬᠤ ᠲᠤᠬᠠᠢ ᠰᠠᠨᠠᠭᠤᠯᠭ᠎ᠠ ᠳᠤᠷᠠᠳᠪᠠ᠃ ︽9 · 3 | ︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠦᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ ᠠᠵᠤ | ᠦᠢᠯᠡᠰ ᠤᠨ ᠬᠡᠯᠬᠢᠶ᠎ᠠ ᠶᠢ ᠬᠠᠮᠠᠭᠠᠯᠠᠬᠤ᠂ ᠳᠤᠳᠤᠭᠠᠳᠤ ᠬᠡᠷᠡᠭᠴᠡᠭᠡ ᠶᠢ ᠦᠷᠭᠡᠳᠭᠡᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠲᠤᠬᠠᠢ ᠪᠤᠳᠤᠯ ᠢᠶᠠᠨ ᠶᠠᠷᠢᠪᠠ᠃ ᠲᠠᠶᠢᠸᠠᠨ ᠤ ᠠᠷᠠᠳᠴᠢᠯᠠᠯ ᠢᠶᠠᠷ ᠦᠪᠡᠷᠳᠡᠭᠡᠨ ᠵᠠᠰᠠᠬᠤ | ᠬᠤᠯᠪᠤᠭᠠᠨ ᠤ ᠲᠦᠪ ᠬᠤᠷᠢᠶᠠᠨ ᠤ ᠲᠡᠷᠢᠭᠦᠯᠡᠭᠴᠢ ᠰᠦ᠋ ᠬᠤᠢ ᠬᠤᠶᠠᠷ ᠬᠦᠪᠡᠭᠡᠨ ᠤ ᠠᠭᠤᠰᠤᠯᠴᠠᠯ ᠬᠦᠭᠵᠢᠯᠳᠡ ᠶᠢ | ᠠᠬᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠬᠤ ᠲᠤᠬᠠᠢ ᠳᠤᠷᠠᠳᠴᠠᠢ᠃ ᠪᠦᠬᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ ᠰᠠᠭᠤᠭᠠᠯᠢ | ᠠᠷᠠᠳ ᠤᠨ ᠬᠡᠷᠡᠭᠯᠡᠭᠡ ᠶᠢ ᠬᠦᠭᠵᠢᠭᠡᠵᠤ᠂ ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ | ᠰᠠᠨᠠᠭᠤᠯᠭ᠎ᠠ ᠳᠤᠷᠠᠳᠴᠠᠢ᠃ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ ᠰᠢ ᠨᠠᠨ ᠬᠤᠸᠠ | ᠬᠦᠳᠡᠯᠮᠦᠷᠢᠴᠢᠳ ᠤᠨ ᠤᠷ᠎ᠠ ᠮᠡᠷᠭᠡᠵᠢᠯ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠬᠠᠢ | ᠰᠠᠨᠠᠭᠤᠯᠭ᠎ᠠ ᠳᠤᠷᠠᠳᠪᠠ᠃ ᠯᠢ ᠺᠧ ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠵᠠᠰᠠᠪᠤᠷᠢ | ᠤᠷᠤᠭᠤᠯᠬᠤ ᠪᠠ ᠳᠠᠷᠠᠭᠠᠴᠢ ᠶᠢᠨ ᠠᠵᠢᠯ ᠳᠤ ᠨᠠᠷᠢᠨ ᠬᠢᠨᠠᠮᠠᠭᠠᠢ ᠰᠤᠳᠤᠯᠤᠨ ᠬᠦᠯᠢᠶᠡᠵᠤ ᠠᠪᠬᠤ ᠶᠢ ᠱᠠᠭᠠᠷᠳᠠᠪᠠ᠃ | ᠯᠢ ᠺᠧ ᠴᠢᠶᠠᠩ ᠡᠯ᠎ᠠ ᠠᠷᠠᠳᠴᠢᠯᠠᠭᠰᠠᠠ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ ᠬᠤᠲᠠᠯᠲᠤᠭᠠᠠ ᠤ | ᠬᠤᠯᠪᠤᠭ᠎ᠠ᠂ ᠨᠠᠮ ᠪᠦ᠋ᠯᠦᠭ ᠤᠨ ᠪᠤᠰᠤ ᠬᠦᠮᠦᠰ ᠤᠨ ᠤᠷᠲᠤ ᠬᠤᠭᠤᠴᠠᠭᠠᠠ ᠤ ᠳᠤᠷᠰᠢ ᠵᠠᠰᠠᠭ ᠤᠨ ᠤᠷᠲᠤᠨ ᠤ | ᠠᠵᠢᠯ ᠢ ᠬᠠᠯᠠᠮᠵᠢᠯᠠᠠ ᠲᠡᠮᠵᠢᠭᠰᠡᠡ ᠳᠤ ᠲᠠᠯᠠᠷᠬᠠᠵᠦ᠂ ᠦᠷᠬᠦᠯᠵᠢᠯᠡᠡ ᠵᠢᠷᠭᠠᠯ ᠵᠤᠪᠠᠯᠠᠩ ᠢᠶᠠᠨ ᠬᠠᠮᠲᠤᠳᠬᠠᠵᠦ᠂ | ᠬᠠᠳᠠᠭᠤ ᠪᠡᠷᠬᠡ ᠶᠢ ᠬᠠᠮᠲᠤ ᠪᠠᠷ ᠲᠤᠭᠤᠯᠬᠤ ᠶᠢ ᠬᠦᠰᠡᠵᠠᠢ᠃ ᠲᠡᠷᠡ᠂ ᠬᠢᠵᠢᠭ ᠤᠨ ᠪᠠᠶᠢᠲᠠᠯ ᠤᠨ ᠬᠦᠨᠳᠤ ᠬᠡᠴᠡᠭᠦᠦ | ᠲᠠᠭᠠᠷᠢᠯᠲᠠ ᠪᠠ ᠲᠡᠯᠡᠭᠡᠢ ᠶᠢᠨ ᠠᠵᠦ ᠠᠬᠤᠢ ᠶᠢᠨ ᠮᠠᠭᠤᠲᠡᠯ ᠤᠨ ᠨᠦᠯᠦᠭᠡ ᠠᠴᠠ ᠪᠤᠯᠵᠤ᠂ ᠮᠠᠠ ᠤ ᠤᠯᠤᠰ ᠤᠨ | ᠬᠦᠭᠵᠢᠯᠲᠠ ᠤᠷᠢᠳ ᠡᠮᠦᠨ᠎ᠠ ᠪᠠᠶᠢᠭ᠎ᠠ ᠦᠭᠡᠢ ᠬᠦᠴᠢᠷᠲᠡᠯ ᠪᠠ ᠦᠷᠢᠰᠦᠯᠲᠦᠭᠡᠡ ᠳᠤ ᠲᠤᠯᠭᠠᠷᠠᠪᠠ᠃ ᠰᠢ ᠶᠢᠨ | ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠲᠠᠯᠠᠵᠦ᠂ ᠪᠠᠶᠢᠲᠠᠯ ᠤᠨ ᠬᠤᠪᠢᠷᠠᠯᠲᠠ ᠶᠢ ᠴᠠᠭ ᠲᠤᠬᠠᠢ ᠳᠤᠨᠢ | ᠮᠦᠷᠲᠠᠠ ᠵᠠᠳᠠᠯᠵᠤ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠭᠡᠷᠡᠭᠲᠡᠢ᠃ | ᠲᠦᠷᠦ ᠶᠢᠨ ᠪᠤᠲᠤᠯᠭ᠎ᠠ ᠶᠢᠨ ᠲᠤᠬᠢᠷᠠᠭᠤᠯᠤᠯᠲᠠ ᠶᠢᠨ ᠡᠷᠴᠢᠮ ᠢᠶᠠᠨ ᠵᠢᠷᠭᠤᠭ᠎ᠠ ᠶᠢ ᠲᠤᠭᠲᠠᠪᠤᠷᠢᠵᠢᠭᠤᠯᠬᠤ᠂ | ᠵᠢᠷᠭᠤᠭ᠎ᠠ ᠶᠢ ᠪᠠᠲᠤᠯᠠᠬᠤ ᠲᠡᠭᠡᠷ᠎ᠠ ᠲᠠᠯᠪᠢᠵᠦ᠂ ᠰᠠᠭᠤᠭᠠᠯᠢ ᠠᠷᠠᠳ ᠤᠨ ᠠᠵᠢᠯ ᠤᠯᠭᠤᠯᠲᠠ ᠶᠢ ᠪᠠᠲᠤᠯᠠᠬᠤ᠂ | ᠠᠷᠠᠳ ᠤᠨ ᠦᠨᠲᠦᠰᠦᠨ ᠠᠮᠢᠲᠤᠷᠠᠯ ᠢ ᠪᠠᠲᠤᠯᠠᠬᠤ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢ ᠪᠠᠲᠤᠯᠠᠬᠤ᠂ ᠠᠮᠤ | ᠪᠤᠲᠠᠭ᠎ᠠ ᠡᠨᠧᠷᠬᠢ ᠶᠢᠨ ᠠᠮᠤᠷ ᠲᠦᠪᠰᠢᠨ ᠢ ᠪᠠᠲᠤᠯᠠᠬᠤ᠂ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ | ᠬᠡᠯᠬᠢᠶ᠎ᠠ ᠶᠢᠨ ᠲᠤᠭᠲᠠᠭᠤᠨ ᠢ ᠪᠠᠲᠤᠯᠠᠬᠤ᠂ ᠦᠨᠲᠦᠰᠦᠨ ᠱᠠᠲᠤᠨ ᠤ ᠠᠵᠢᠯ ᠢ ᠪᠠᠳᠤᠯᠠᠬᠤ ᠶᠢ ᠳᠤᠪᠤᠶᠢᠯᠭᠠᠬᠤ | ᠭᠡᠷᠡᠭᠲᠡᠢ᠃ ᠪᠠᠲᠤᠯᠠᠬᠤ ᠪᠤᠯ ᠰᠢᠨ᠎ᠠ ᠪᠠᠶᠢᠲᠠᠯ ᠳᠤ ᠴᠢᠭᠯᠡᠭᠦᠯᠦᠭᠰᠡᠡ ᠢᠲᠡᠪᠬᠢᠲᠠᠢ ᠠᠷᠭ᠎ᠠ ᠬᠡᠮᠵᠢᠶ᠎ᠠ ᠪᠤᠯᠤᠨ᠎ᠠ᠂ | ᠪᠠᠲᠤᠯᠠᠬᠤ ᠬᠤᠷᠢᠭ᠎ᠠ ᠱᠤᠭᠤᠮ ᠢ ᠪᠠᠳᠤ ᠰᠠᠬᠢᠪᠠᠯ ᠲᠠᠷᠤᠢ ᠠᠵᠦ ᠠᠬᠤᠢ ᠶᠢᠨ ᠦᠨᠲᠦᠰᠦᠨ ᠪᠠᠶᠢᠲᠠᠯ ᠢ ᠲᠤᠭᠲᠠᠭᠤᠨ | ᠪᠠᠶᠢᠯᠭᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢ ᠶᠢ ᠪᠠᠬᠢᠵᠢᠭᠦᠯᠵᠦ ᠴᠢᠲᠠᠨ᠎ᠠ᠃ ᠲᠤᠮᠲᠠ | ᠪᠠᠭ᠎ᠠ ᠵᠢᠵᠢᠭ ᠠᠵᠦ ᠠᠬᠤᠢᠢᠯᠠᠯ ᠪᠤᠯ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠦᠨᠲᠦᠰᠤ ᠰᠠᠭᠤᠷᠢ ᠮᠦᠨ᠂ | ᠠᠷᠠᠳ ᠤᠨ ᠠᠮᠢᠲᠤᠷᠠᠯ ᠠᠵᠢᠯ ᠤᠯᠭᠤᠯᠲᠠ ᠶᠢ ᠪᠠᠲᠤᠯᠠᠬᠤ ᠬᠦᠷᠦᠰᠦ ᠰᠢᠷᠤᠢ ᠮᠦᠨ᠂ ᠲᠤᠮᠲᠠ ᠪᠠᠭ᠎ᠠ ᠵᠢᠵᠢᠭ ᠠᠵᠦ | ᠠᠬᠤᠢᠢᠯᠠᠯ ᠢ ᠬᠠᠪᠰᠤᠷᠤᠨ ᠬᠦᠴᠢᠷ ᠪᠡᠷᠬᠡᠰᠢᠶᠠᠯ ᠢ ᠲᠤᠭᠤᠯᠬᠤ ᠶᠢ ᠬᠤᠷᠸ᠎ᠠ ᠲᠦᠷᠦ ᠶᠢᠨ ᠪᠤᠲᠤᠯᠭ᠎ᠠ ᠶᠢᠨ ᠴᠢᠬᠤᠯᠠ | ᠠᠭᠤᠯᠭ᠎ᠠ ᠪᠤᠯᠭᠠᠬᠤ ᠭᠡᠷᠡᠭᠲᠡᠢ᠃ ᠦᠭᠡᠷᠡᠴᠢᠯᠡᠯᠲᠡ ᠨᠡᠭᠡᠭᠡᠯᠲᠡ ᠳᠤ ᠲᠦᠰᠢᠭᠯᠡᠬᠦ ᠶᠢ ᠪᠠᠷᠢᠮᠳᠠᠯᠠᠵᠤ᠂ ᠵᠠᠬ᠎ᠠ | ᠲᠡᠯᠭᠡᠭᠦᠷ ᠤᠨ ᠠᠮᠢᠵᠢᠷᠠᠯ ᠤᠨ ᠬᠦᠴᠤᠨ ᠪᠠ ᠨᠡᠶᠢᠭᠡᠮ ᠤᠨ ᠪᠦᠲᠦᠭᠡᠯᠴᠢ ᠬᠦᠴᠤᠨ ᠢ ᠨᠡᠩ ᠶᠡᠭᠡ ᠪᠠᠷ ᠤᠷᠮᠠᠰᠢᠭᠤᠯᠤᠨ | ᠪᠠᠳᠠᠷᠠᠭᠤᠯᠵᠤ᠂ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠬᠠᠷᠠᠯᠲᠠ ᠡᠬᠦᠷᠭᠡ ᠪᠠᠨ ᠴᠢᠷᠮᠠᠶᠢᠨ ᠪᠡᠶᠡᠯᠡᠭᠦᠯᠬᠦ | ᠭᠡᠷᠡᠭᠲᠡᠢ ᠭᠡᠵᠦ ᠲᠡᠷᠡ ᠬᠡᠯᠡᠪᠡ᠃ | |