ᠦᠨᠳᠦᠰᠦᠨ ᠱᠠᠳᠤᠨ ᠳᠤ ᠬᠢᠯᠠᠷᠠᠭᠤᠯᠵᠦ ᠶᠠᠪᠤᠭ᠎ᠠ ᠵᠠᠯᠠᠭᠤ ᠮᠠᠯ ᠤᠨ ᠡᠮᠴᠢ ᠵᠢᠷᠠᠨᠲᠠᠢ
ᠨᠡᠶᠢᠲᠡᠯᠡᠭᠰᠡᠨ ᠴᠠᠭ᠄
2020-05-14
     ᠮᠠᠯ ᠠᠵᠤ ᠠᠬᠤᠢ ᠶᠢᠨ ᠴᠢᠨᠠᠷ ᠰᠠᠶᠢᠲᠠᠢ ᠲᠦᠷᠬᠡᠨ ᠬᠦᠭᠵᠢᠯᠳᠡ ᠳᠤ ᠮᠠᠯ ᠤᠨ ᠡᠮᠴᠢ ᠪᠤᠯ ᠲᠤᠳᠠᠭᠳᠠᠵᠤ ᠪᠤᠯᠤᠰᠢ ᠦᠬᠡᠢ ᠴᠢᠬᠤᠯᠠ ᠨᠢᠭᠡᠨ ᠡᠩᠨᠡᠭᠡ ᠪᠤᠯᠬᠤ ᠶᠤᠮ᠃ ᠡᠨᠡᠬᠦ ᠪᠠᠶᠢᠳᠠᠯ ᠳᠤ ᠦᠨᠳᠦᠰᠦᠨ ᠱᠠᠳᠤᠨ ᠳᠤ ᠦᠨᠳᠦᠰᠦᠯᠡᠭᠰᠡᠨ ᠵᠠᠯᠠᠭᠤ ᠮᠠᠯ ᠤᠨ ᠡᠮᠴᠢ ᠨᠡᠷ ᠴᠤᠯᠭᠤᠷᠠᠨ ᠭᠠᠷᠴᠤ ᠮᠠᠯᠴᠢᠨ ᠲᠠᠷᠢᠶᠠᠴᠢᠨ ᠤ ᠮᠠᠯ ᠠᠵᠤ ᠠᠬᠤᠢ  ᠶᠢᠨ ᠬᠦᠭᠵᠢᠯᠳᠡ ᠲᠤᠮᠳᠠᠬᠢ ᠲᠤᠯᠭᠠᠮ ᠬᠦᠴᠢᠷᠳᠡᠯ ᠢ ᠰᠢᠢᠳᠪᠤᠷᠢᠯᠠᠵᠤ ᠠᠵᠤ ᠠᠬᠤᠢ ᠶᠢᠨ ᠬᠤᠬᠢᠷᠠᠯ ᠢ ᠬᠠᠮᠤᠭ ᠲᠤᠤᠷ᠎ᠠ ᠬᠡᠮᠵᠢᠶᠠᠨ ᠳᠤ ᠬᠢᠵᠠᠭᠠᠷᠯᠠᠵᠤ ᠪᠠᠶᠢᠭ᠎ᠠ ᠮᠦᠷᠳᠡᠬᠡᠨ ᠦᠢᠯᠡᠰ ᠤᠨ ᠢᠶᠠᠨ ᠲᠦᠯᠦᠬᠡ ᠦᠪᠡᠷ ᠢ ᠪᠠᠨ ᠤᠮᠠᠷᠳᠠᠨ ᠵᠢᠳᠬᠦᠵᠤ ᠪᠠᠶᠢᠭ᠎ᠠ ᠵᠠᠯᠠᠭᠤᠴᠤᠳ ᠤᠨ ᠵᠤᠭ ᠵᠢᠪᠬᠤᠭ᠎ᠠ ᠶᠢ ᠬᠠᠷᠠᠭᠤᠯᠵᠤ ᠦᠪᠡᠷ ᠤᠨ ᠢᠶᠠᠨ ᠬᠡᠰᠡᠨ ᠬᠤᠪᠢ ᠨᠡᠮᠡᠷᠢ  ᠪᠠᠨ ᠦᠵᠡᠬᠦᠯᠵᠣ ᠪᠠᠶᠢᠨ᠎ᠠ᠃      ᠤᠯᠠᠭᠠᠨᠳᠤᠯᠤᠭᠠᠢ ᠪᠠᠯᠭᠠᠰᠤᠨ ᠤ ᠮᠠᠯ ᠤᠨ ᠡᠮᠴᠢ ᠵᠢᠷᠠᠨᠳᠠᠢ ᠵᠦᠪᠯᠡᠯᠬᠡ ᠠᠪᠬᠤ ᠪᠠᠷ ᠢᠷᠡᠭᠰᠡᠨ ᠰᠠᠴᠡᠨ ᠤ ᠮᠠᠯ  ᠤᠨ ᠪᠠᠶᠢᠳᠠᠯ ᠢ ᠦᠨᠳᠦᠰᠦᠯᠡᠨ ᠡᠮ ᠢ ᠨᠢ ᠲᠤᠬᠢᠷᠠᠭᠤᠯᠵᠤ ᠪᠠᠷᠠᠳᠠᠯ᠎ᠠ ᠦᠬᠡᠷ ᠢᠶᠠᠨ ᠡᠮᠨᠡᠬᠦᠯᠬᠦ ᠬᠡᠰᠡᠨ ᠤᠳᠬᠤᠨᠴᠡᠴᠡᠭ ᠤᠨ ᠲᠤᠰᠠᠯᠠᠮᠵᠢ ᠶᠢᠨ ᠤᠳᠠᠰᠤ ᠶᠢ ᠲᠤᠰᠤᠯ᠎ᠠ᠃ ᠲᠡᠷᠡ ᠡᠪᠡᠳᠴᠢᠯᠡᠭᠰᠡᠨ ᠦᠬᠡᠷ ᠤᠨ ᠬᠢᠨᠢ ᠪᠠᠶᠢᠳᠠᠯ ᠢ ᠨᠠᠷᠢᠨ ᠯᠠᠪᠯᠠᠭᠰᠠᠨ ᠤ ᠲᠠᠷᠠᠭ᠎ᠠ ᠡᠮ ᠢᠶᠠᠨ ᠪᠡᠯᠡᠳᠭᠡᠵᠤ ᠤᠳᠬᠤᠨᠴᠡᠴᠡᠭ ᠤᠨ ᠬᠢᠨ ᠢ ᠴᠢᠭᠯᠡᠵᠦ ᠦᠬᠡᠷ ᠢ  ᠨᠢ ᠡᠮᠨᠡᠵᠤ ᠦᠭᠪᠡ᠃      ᠡᠨᠡ ᠵᠢᠯ ᠬᠤᠷᠢᠨ ᠵᠢᠷᠭᠤᠭᠠᠨ ᠨᠠᠰᠤ ᠲᠠᠢ ᠵᠢᠷᠠᠨᠳᠠᠢ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠡᠬᠦᠰᠴᠤ ᠬᠤᠳᠠ ᠳᠤ ᠠᠵᠢᠯ ᠬᠢᠵᠤ ᠦᠢᠯᠡᠰ ᠪᠤᠰᠬᠠᠬᠤ ᠲᠤᠬᠢᠶᠠᠯ ᠪᠠᠶᠢᠭᠰᠠᠨ ᠴᠤ ᠰᠤᠷᠤᠭᠰᠠᠨ ᠮᠡᠷᠬᠡᠵᠢᠯ ᠢᠶᠠᠷ ᠢᠶᠠᠨ ᠦᠨᠳᠦᠰᠦᠨ ᠱᠠᠳᠤᠨ ᠤ ᠮᠠᠯᠴᠢᠨ ᠲᠠᠷᠢᠶᠠᠴᠢᠨ ᠤ ᠮᠠᠯ ᠠᠵᠤ ᠠᠬᠤᠢ ᠳᠤ ᠦᠢᠯᠡᠴᠢᠯᠡᠭᠡ ᠬᠠᠩᠭᠠᠬᠤ ᠪᠠᠷ ᠬᠦᠳᠡᠭᠡ ᠳᠡᠭᠡᠨ ᠪᠤᠴᠠᠵᠤ ᠮᠠᠯ ᠤᠨ ᠡᠮᠴᠢ ᠶᠢᠨ ᠠᠵᠢᠯ ᠬᠢᠵᠡᠢ᠃ ᠬᠡᠪᠡᠴᠦ ︽ᠨᠠᠰᠤ ᠪᠠᠭ᠎ᠠ ᠴᠢᠰᠦ ᠰᠢᠩᠬᠡᠨ︾ ᠵᠢᠷᠠᠨᠳᠠᠢ ᠶᠢᠨ ᠮᠡᠷᠬᠡᠵᠢᠯ ᠢ ᠬᠦᠮᠦᠰ ᠢᠳᠡᠬᠡᠬᠦ ᠦᠬᠡᠢ ᠪᠠᠶᠢᠵᠠᠢ᠃ ᠵᠢᠷᠠᠨᠳᠠᠢ ᠡᠨᠡᠬᠦ ᠪᠠᠶᠢᠳᠠᠯ ᠳᠤ ᠵᠤᠷᠢᠭ ᠮᠤᠬᠤᠷᠠᠯ ᠦᠬᠡᠢ ᠪᠠᠷ ᠪᠠᠷᠢᠮᠳᠠᠯᠠᠯ ᠢᠶᠠᠨ ᠦᠷᠬᠦᠯᠵᠢᠯᠡᠬᠦᠯᠵᠤ ᠬᠠᠮᠤᠭ ᠠᠴᠠ ᠬᠡᠷᠡᠭᠴᠡᠭᠡ ᠲᠠᠢ ᠮᠠᠯᠴᠢᠳ ᠤᠨ ᠲᠡᠷᠭᠡᠳᠡ ᠬᠦᠨᠵᠡᠬᠡᠶᠢᠷᠡᠵᠤ ᠮᠠᠯ ᠤᠨ ᠬᠢᠨᠢ ᠡᠪᠡᠳᠴᠢᠨ ᠢ ᠡᠮᠴᠢᠯᠠᠵᠤ ᠬᠤᠬᠢᠷᠠᠯ ᠢ ᠬᠠᠮᠤᠭ ᠲᠤᠤᠷ᠎ᠠ ᠬᠡᠮᠵᠢᠶᠠᠨ ᠳᠤ ᠬᠢᠵᠠᠭᠠᠷᠯᠠᠵᠤ ᠪᠠᠶᠢᠭᠰᠠᠨ ᠢᠶᠠᠷ ᠠᠭᠠᠵᠢᠮ ᠢᠶᠠᠷ ᠲᠠᠶᠠᠭᠠᠷ ᠤᠨ ᠬᠦᠷᠢᠶᠠᠯᠠᠯ ᠢ ᠤᠯᠵᠠᠢ᠃ ᠡᠬᠦᠨ ᠤ ᠬᠠᠮᠳᠤ ᠲᠡᠷᠡ ᠪᠠᠰᠠ ᠮᠡᠷᠬᠡᠵᠢᠯ ᠢᠶᠠᠨ ᠲᠡᠬᠡᠭᠰᠢᠯᠡᠬᠦᠯᠬᠦ ᠶᠢ ᠤᠮᠠᠷᠳᠠᠭ᠎ᠠ ᠦᠬᠡᠢ ᠪᠤᠯᠬᠤᠷ ᠤᠳᠤ ᠪᠤᠯᠬᠤ ᠳᠤ ᠠᠯᠠᠰᠢᠨ ᠦᠬᠡᠷ ᠤᠨ ᠭᠠᠷ ᠬᠡᠬᠡᠯᠳᠤᠬᠦᠯᠬᠡ ᠶᠢᠨ ᠮᠡᠷᠬᠡᠵᠢᠯ ᠢ ᠴᠢᠳᠠᠮᠠᠭᠠᠢ ᠡᠵᠡᠮᠰᠢᠵᠤ ᠤᠯᠠᠭᠠᠨᠳᠤᠯᠤᠭᠠᠢ ᠪᠠᠯᠭᠠᠰᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠦᠭᠵᠢᠯᠳᠡ ᠳᠤ ᠲᠤᠳᠠᠭᠳᠠᠵᠤ ᠪᠤᠯᠤᠰᠢ ᠦᠬᠡᠢ ᠴᠢᠳᠠᠪᠤᠷᠢᠳᠡᠨ ᠪᠤᠯᠵᠠᠢ᠃      ᠮᠠᠯ ᠤᠨ ᠡᠮᠴᠢ ᠵᠢᠷᠠᠨᠲᠠᠢ᠄ ︽ᠠᠵᠢᠯ ᠦᠢᠯᠡᠰ ᠪᠣᠰᠬᠠᠬᠤ ᠲᠠᠯ᠎ᠠ ᠪᠠᠷ ᠣᠯᠠᠨ ᠵᠦᠢᠯ ᠤᠨ ᠬᠦᠴᠢᠷᠳᠡᠯ ᠲᠤᠯᠭᠠᠷᠠᠵᠤ ᠮᠡᠳᠡᠨ᠎ᠡ᠂ ᠭᠡᠪᠡᠴᠦ ᠨᠢᠭᠡ ᠨᠢᠭᠡ ᠠᠯᠬᠤᠮ ᠢᠶᠠᠷ ᠵᠣᠷᠢᠭᠲᠠᠢ ᠤᠷᠤᠭᠰᠢᠯᠠᠬᠤ ᠬᠡᠷᠡᠭᠲᠡᠢ᠃ ᠨᠣᠮ ᠰᠤᠳᠤᠷ ᠢᠯᠡᠭᠦᠦ ᠦᠵᠡᠨ ᠲᠣᠣᠷ ᠰᠦᠯᠵᠢᠶᠡᠨ ᠠᠴᠠ ᠬᠠᠮᠢᠶᠠᠲᠠᠢ ᠮᠡᠳᠡᠯᠭᠡ ᠶᠢ ᠢᠯᠡᠭᠦᠦ ᠰᠤᠷᠤᠯᠴᠠᠵᠤ ᠮᠠᠯᠴᠢᠳ ᠲᠠᠭᠠᠨ ᠦᠢᠯᠡᠴᠢᠯᠡᠨ᠎ᠡ᠃ ᠬᠤᠵᠢᠮ ᠨᠡᠩ ᠵᠣᠷᠢᠭᠲᠠᠢ ᠪᠠᠷ ᠦᠢᠯᠡᠰ ᠢᠶᠠᠨ ᠦᠭᠡᠳᠡᠯᠡᠬᠦᠯᠬᠦ ᠪᠠᠷ ᠴᠢᠷᠮᠠᠶᠢᠨ᠎ᠠ︾ ᠬᠡᠵᠦ ᠶᠠᠷᠢᠵᠦ ᠪᠠᠶᠢᠯ᠎ᠠ᠃      ᠤᠶᠢᠯᠠᠭᠠᠭᠰᠠᠨ ᠢᠶᠠᠷ᠂ ᠵᠢᠷᠠᠨᠳᠠᠢ ᠬᠤᠶᠠᠷ ᠵᠢᠯ ᠤᠨ ᠲᠤᠷᠰᠢ ᠡᠷᠬᠢᠨ ᠲᠤᠭᠤᠷᠢᠨ ᠤ ᠠᠶᠢᠯ ᠡᠷᠦᠬᠡ ᠶᠢᠨ ᠲᠦᠮᠡ ᠢᠯᠡᠬᠦᠦ ᠮᠠᠯ ᠤᠨᠤᠭᠠᠨ ᠳᠤ ᠡᠮᠴᠢᠯᠡᠭᠡ ᠬᠢᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号