5 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ ᠪᠥᠭᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠲᠤᠰᠬᠠᠶ | ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᡁᠢ ᠰᠢᠦ᠋ᠩ᠂ ᠵᠸᠤ ᠱᠤᠸᠠᠢ ᠵᠢᠴᠢ | ᠲᠤᠰᠬᠠᠶ ᠴᠡᠭᠴᠡᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ᠂ ᠭᠢᠨᠠᠯᠳᠠ ᠲᠠᠯᠪᠢᠬᠤ | ᠬᠠᠷᠢᠭᠤᠴᠠᠯᠭ᠎ᠠ ᠶᠢᠨ ᠠᠯᠪᠠᠨ ᠬᠡᠷ ᠤᠨ ᠡᠯ᠎ᠡ ᠲᠤᠰᠬᠠᠶ ᠳᠤᠭᠤᠶᠢᠯᠠᠩ ᠤᠨ ᠳᠠᠷᠤᠭ᠎ᠠ ᠬᠤᠷᠠᠯ ᠳᠤ ᠤᠷᠤᠯᠴᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ | ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠵᠢᠴᠢ ᠬᠤᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢᠨ ᠠᠯᠪᠠᠨ ᠭᠡᠷ ᠤᠨ ᠠᠷᠪᠠᠳᠤᠭᠠᠷ ᠤᠳᠠᠭᠠᠨ ᠤ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠶᠠᠷᠢᠯᠴᠠᠵᠤ ︽ᠵᠢᠷᠭᠤᠭ᠎ᠠ ᠶᠢ | ᠪᠠᠶᠢᠴᠠᠭᠠᠬᠤ᠂ ᠳᠥᠷᠪᠡ ᠶᠢ ᠦᠵᠡᠬᠦ᠂ ᠳᠣᠯᠤᠭ᠎ᠠ ᠶᠢ ᠲᠣᠳᠣᠷᠬᠠᠶᠢᠯᠠᠬᠤ︾ ᠠᠭᠤᠯᠭ᠎ᠠ ᠵᠢᠴᠢ ᠬᠠᠮᠢᠶ᠎ᠠ ᠪᠥᠬᠦᠶ | ᠮᠡᠳᠡᠭᠦᠯᠥᠯᠳᠠ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠨᠠᠷᠢᠨ ᠲᠣᠳᠣᠷᠬᠠᠶᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠪᠣᠯ ᠣᠳᠣᠬᠠᠨ ᠤ | ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠠ ᠲᠤᠰᠬᠠᠢ ᠲᠤᠭᠤᠶᠢᠯᠠᠩ ᠤᠯᠤᠰ ᠲᠥᠷᠥ ᠶᠢᠨ | ᠵᠤᠭᠰᠤᠴᠠ ᠪᠠᠨ ᠲᠡᠭᠡᠭᠰᠢᠯᠠᠭᠦᠯᠤᠨ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ ᠬᠢᠨᠠᠨ ᠪᠠᠶᠢᠴᠠᠭᠠᠬᠤ ᠠᠵᠢᠯ ᠤᠨ | ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠢᠴᠡᠳ ᠲᠠᠨᠢᠵᠤ ᠲᠤᠰᠬᠠᠶ ᠴᠡᠭᠴᠡᠯᠡᠨ ᠵᠠᠰᠠᠬᠤ ᠬᠢᠨᠠᠨ ᠪᠠᠶᠢᠴᠠᠭᠠᠬᠤ | ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ ᠥᠪᠡᠷᠲᠡᠭᠡᠨ ᠵᠠᠰᠠᠬᠤ ᠣᠷᠣᠨ ᠤ ᠬᠢᠨᠠᠨ | ᠪᠠᠶᠢᠴᠠᠭᠠᠬᠤ ᠳᠤᠭᠤᠶᠢᠯᠠᠩ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠥᠷᠨᠢᠭᠦᠯᠭᠦ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠪᠤᠶᠢᠮ᠎ᠠ ᠠᠰᠠᠭᠤᠳᠠᠯ ᠢ ᠭᠦᠨᠵᠡᠭᠡᠶ ᠠᠭᠤᠳᠠᠯᠵᠤ ᠲᠦᠢᠯᠪᠤᠷᠢᠲᠠᠶ | ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠨᠢᠭᠡᠨᠲᠡ ᠢᠯᠡᠷᠡᠭᠦᠯᠦᠭᠰᠡᠨ ᠠᠰᠠᠭᠤᠳᠠᠯ ᠳᠤ ᠨᠡᠩ ᠭᠥᠨᠵᠡᠭᠡᠢ | ᠭᠢᠨᠠᠨ ᠪᠠᠶᠢᠴᠠᠭᠠᠯᠳᠠ ᠭᠢᠵᠤ ᠪᠠᠶᠢᠴᠠᠭᠠᠬᠤ ᠶᠢᠨ ᠲᠠᠭᠠᠤ ᠬᠠᠯᠠᠨ ᠰᠠᠶᠢᠵᠢᠷᠠᠭᠤᠯᠵᠤ ᠭᠢᠨᠠᠨ ᠪᠠᠶᠢᠴᠠᠭᠠᠵᠤ ᠭᠠᠷᠭᠠᠭᠰᠠᠨ | ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠤᠷᠢᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ | ᠲᠦᠢᠯᠪᠤᠷᠢᠲᠠᠶ ᠥᠭᠡᠷᠡᠴᠢᠯᠡᠬᠦ᠂ ᠲᠤᠭᠤᠰᠢᠲᠠᠶ ᠥᠭᠡᠷᠡᠴᠢᠯᠡᠬᠦ᠂ ᠳᠠᠬᠢᠨ ᠰᠡᠷᠭᠦᠭᠡᠬᠦ ᠥᠬᠡᠶ ᠪᠠᠶᠢᠬᠤ ᠶᠢ ᠪᠠᠲᠤᠯᠠᠬᠤ | ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠠᠨ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠡᠨᠡᠬᠦ ᠪᠣᠭᠤᠮᠲᠠ ᠰᠢᠪᠲᠤᠯᠬᠤ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠤᠯᠬᠤ ᠳᠤᠮᠳᠠ ᠵᠠᠩᠭᠢᠯᠠᠭ᠎ᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃ |