ᠰᠢ ᠶᠢᠨ ᠫᠢᠩ ᠺᠤᠷᠢᠶ᠋ᠨ ᠶᠢᠨ ᠶᠡᠷᠤᠩᠬᠡᠶᠢᠯᠡᠭᠴᠢ ᠸᠧᠨ ᠽᠠᠢ ᠶᠢᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-15
   ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 13 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 5 ᠰᠠᠷ᠎ᠠ ᠶᠢᠨ 13 ᠤ ᠤᠷᠤᠢ ᠺᠤᠷᠢᠶᠠ ᠶᠢᠨ ᠶᠡᠷᠤᠩᠬᠡᠶᠢᠯᠡᠭᠴᠢ ᠸᠧᠨ ᠽᠠᠢ ᠶᠢᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠬᠠᠳᠠᠭᠤᠵᠢᠯᠳᠠᠢ ᠴᠢᠷᠮᠡᠶᠢᠯᠭ᠎ᠠ ᠪᠠᠷ ᠲᠡᠮᠵᠢᠨ᠂ ᠲᠤᠮᠳᠠᠳᠤ ᠺᠤᠷᠢᠶᠠ ᠬᠤᠶᠠᠷ ᠤᠯᠤᠰ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠳᠦᠮᠵᠢᠳᠡᠢ ᠡᠵᠡᠮᠳᠡᠭᠰᠡᠡ ᠪᠠᠶᠢᠨ᠎ᠠ᠃ ᠬᠠᠮᠳᠤ ᠪᠠᠷ ᠬᠢᠵᠢᠭ ᠲᠠᠢ ᠲᠡᠮᠡᠴᠡᠬᠦ ᠶᠠᠪᠤᠴᠠ ᠳᠤ᠂ ᠲᠤᠮᠳᠠᠳᠤ ᠺᠤᠷᠢᠶᠠ ᠢᠮᠠᠬᠳᠠ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ ᠂ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠵᠥ᠂ ᠬᠠᠷᠢᠯᠴᠠᠨ ᠲᠡᠮᠵᠢᠯᠴᠡᠵᠥ᠂ ᠬᠠᠷᠢᠯᠴᠠᠨ ᠬᠠᠪᠰᠤᠷᠤᠯᠴᠠᠭᠰᠠᠭᠠᠷ ᠢᠷᠡᠪᠡ᠃ ᠲᠤᠮᠳᠠᠳᠤ ᠺᠤᠷᠢᠶᠠ ᠶᠠᠭᠤᠨ ᠤ ᠡᠮᠤᠨ᠎ᠡ ᠬᠤᠯᠪᠤᠭᠠᠯᠠᠨ ᠰᠡᠷᠬᠡᠶᠢᠯᠡᠬᠦ ᠬᠤᠯᠪᠤᠭᠠᠯᠠᠨ ᠡᠵᠡᠮᠳᠡᠬᠦ ᠬᠠᠮᠳᠤᠷᠠᠯᠴᠠᠭᠠᠨ ᠤ ᠲᠤᠭᠳᠠᠴᠠ ᠪᠠᠶᠢᠭᠤᠯᠵᠥ᠂ ᠬᠢᠵᠢᠭ ᠤᠨ ᠪᠠᠶᠢᠳᠠᠯ ︽ᠬᠠᠷᠢᠯᠴᠠᠨ ᠦᠯᠥ ᠬᠠᠯᠳᠠᠪᠤᠷᠢᠯᠠᠬᠰᠠᠠ ᠲᠡᠮᠳᠡᠭᠯᠡᠯ︾ ᠢ ᠡᠬᠦᠳᠦᠭᠰᠡᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠰᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠭᠰᠡᠡ ᠤᠷᠢᠳᠡᠯ ᠲᠤᠤᠷ᠎ᠡ᠂ ᠶᠠᠭᠤᠨ ᠤ ᠡᠮᠤᠨ᠎ᠡ ᠪᠠᠴᠢᠮ ᠬᠡᠷᠡᠭᠰᠡᠬᠦ ᠴᠢᠬᠤᠯᠠ ᠬᠦᠮᠥᠰ ᠤᠨ ᠨᠠᠭᠠᠰᠢ ᠴᠠᠭᠠᠰᠢ ᠶᠠᠪᠤᠬᠤ ︽ᠲᠦᠷᠬᠡᠨ ᠨᠡᠪᠳᠡᠷᠡᠬᠦ ᠵᠠᠮ︾ ᠢ ᠨᠡᠪᠳᠡᠷᠡᠬᠦᠯᠵᠥ᠂ ᠭᠠᠵᠠᠷ ᠤᠷᠤᠨ ᠤ ᠠᠵᠥ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ ᠎ᠡ᠂ ᠪᠠᠷᠠᠭᠠᠨ ᠤ ᠬᠦᠢᠯᠬᠡᠬᠡᠨ ᠤ ᠬᠡᠯᠬᠢᠶ᠎ᠡ ᠶᠢᠨ ᠤᠷᠤᠬᠰᠢᠳᠠᠢ ᠠᠵᠢᠯᠯᠠᠭᠠᠨ ᠢ ᠪᠠᠳᠤᠯᠠᠬᠰᠠᠠ ᠪᠠᠶᠢᠨ᠎ᠠ᠃ ᠲᠤᠮᠳᠠᠳᠤ ᠺᠤᠷᠢᠶᠠ ᠶᠢᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠦᠷ᠎ᠡ ᠪᠦᠳᠦᠮᠵᠢᠳᠡᠢ ᠪᠤᠯᠤᠬᠰᠠᠠ ᠨᠢ ᠬᠤᠶᠠᠷ ᠤᠯᠤᠰ ᠤᠨ ᠲᠤᠰ ᠲᠤᠰ ᠤᠨ ᠬᠢᠵᠢᠭ ᠲᠠᠢ ᠲᠡᠮᠡᠴᠡᠬᠦ ᠶᠡᠭᠡ ᠲᠡᠯ᠎ᠡ ᠳᠤ ᠦᠢᠯᠡᠴᠢᠯᠡᠵᠥ᠂ ︽ᠰᠠᠶᠢᠨ ᠬᠦᠷᠰᠢ ᠶᠢ ᠠᠯᠳᠠ ᠪᠠᠷ ᠰᠤᠯᠢᠬᠤ ᠦᠬᠡᠢ︾ ᠬᠡᠬᠦ ᠶᠤᠰᠤ ᠶᠢ ᠲᠠᠶᠢᠯᠪᠤᠷᠢᠯᠠᠬᠰᠠᠠ ᠢᠶᠠᠷ ᠪᠠᠷᠠᠬᠤ ᠦᠬᠡᠢ᠂ ᠪᠦᠬᠦ ᠲᠡᠯᠡᠬᠡᠢ ᠶᠢᠨ ᠬᠢᠵᠢᠭ ᠲᠠᠢ ᠲᠡᠮᠡᠴᠡᠬᠦ ᠠᠵᠢᠯ ᠳᠤ ᠠᠰᠢᠬ ᠲᠠᠢ ᠲᠤᠷᠰᠢᠯᠭ᠎ᠠ ᠬᠤᠷᠠᠮᠳᠤᠭᠤᠯᠵᠥ ᠂ ᠬᠠᠮᠳᠤᠷᠠᠯᠴᠠᠭᠠᠨ ᠤ ᠦᠯᠢᠬᠡᠷ ᠵᠢᠱᠢᠶ᠎ᠡ ᠶᠢ ᠪᠤᠢ ᠪᠤᠯᠭᠠᠬᠰᠠᠠ ᠪᠠᠶᠢᠨ᠎ᠠ᠃ ᠲᠤᠮᠳᠠᠳᠤ ᠤᠯᠤᠰ ᠺᠤᠷᠢᠶᠠ ᠯᠤᠭ᠎ᠠ ᠬᠤᠯᠪᠤᠭᠠᠯᠠᠨ ᠰᠡᠷᠬᠡᠶᠢᠯᠡᠬᠦ ᠬᠤᠯᠪᠤᠭᠠᠯᠠᠨ ᠡᠵᠡᠮᠳᠡᠬᠦ᠂ ᠡᠮ ᠤᠨ ᠵᠦᠢᠯ ᠪᠤᠯᠤᠨ ᠸᠠᠺᠼᠢᠨ ᠢ ᠰᠤᠳᠤᠯᠤᠨ ᠨᠡᠬᠡᠬᠡᠬᠦ ᠬᠠᠮᠳᠤᠷᠠᠯᠴᠠᠭ᠎ᠠ ᠪᠠᠨ ᠦᠷᠬᠦᠯᠵᠢᠯᠡᠨ ᠴᠢᠩᠭᠠᠳᠬᠠᠵᠥ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠦᠵᠡᠬᠦᠯᠪᠡᠰᠤ ᠵᠤᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠥ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ᠂ ᠬᠤᠷᠢᠨ ᠤᠯᠤᠰ ᠤᠨ ᠪᠦᠯᠥᠭᠯᠡᠯ᠂ ᠵᠡᠬᠦᠨ ᠡᠮᠤᠨᠡᠳᠤ ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠠ ᠲᠤᠮᠳᠠᠳᠤ ᠶᠠᠫᠤᠨ ᠺᠤᠷᠢᠶᠠ ᠵᠡᠷᠬᠡ ᠤᠯᠠᠨ ᠲᠡᠯ᠎ᠡ ᠶᠢᠨ ᠪᠤᠷᠤ ᠲᠦᠯᠥᠪ ᠤᠨ ᠲᠤᠳᠤᠷ᠎ᠡ ᠤᠯᠤᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠵᠥ᠂ ᠬᠤᠶᠠᠷ ᠲᠠᠯ᠎ᠠ ᠶᠢᠨ ᠪᠡ ᠲᠡᠯᠡᠬᠡᠢ ᠶᠢᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠶᠢ ᠲᠠᠰᠤᠷᠠᠯᠳᠡ ᠦᠭᠡᠢ ᠠᠬᠢᠭᠤᠯᠤᠨ᠎ᠠ ᠬᠡᠵᠥ ᠴᠢᠬᠤᠯᠠᠴᠢᠯᠠᠪᠠ᠃    ᠰᠢ ᠶᠢᠨ ᠫᠢᠩ᠂ ᠳᠤᠮᠳᠠᠳᠤ ᠺᠤᠷᠢᠶᠠ ᠪᠤᠯ ᠬᠠᠳᠠᠭᠠᠳ ᠲᠠᠯᠪᠢᠬᠰᠠᠨ ᠨᠦᠬᠦᠷᠰᠡᠭ ᠬᠦᠷᠰᠢ ᠶᠤᠮ᠃ ᠬᠤᠶᠠᠷ ᠤᠯᠤᠰ ᠤᠨ ᠬᠠᠮᠳᠤ ᠶᠢᠨ ᠴᠡᠴᠡᠭᠯᠡᠯ ᠬᠦᠭᠵᠢᠯ ᠢ ᠪᠡᠶᠡᠯᠡᠬᠦᠯᠬᠦ᠂ ᠭᠠᠵᠠᠷ ᠤᠷᠤᠨ ᠤ ᠡᠩᠬᠡ ᠲᠠᠶᠢᠪᠤᠩ ᠲᠤᠭᠳᠠᠭᠤᠨ ᠪᠠᠶᠢᠳᠠᠯ ᠢ ᠬᠠᠮᠠᠭᠠᠯᠠᠬᠤ᠂ ᠤᠯᠠᠨ ᠲᠠᠯᠠᠳᠤ ᠦᠵᠡᠯ ᠪᠤᠯᠤᠨ ᠴᠢᠯᠤᠬᠡᠳᠤ ᠠᠷᠠᠯᠵᠢᠶ᠎ᠠ ᠶᠢ ᠬᠠᠮᠠᠭᠠᠯᠠᠬᠤ ᠲᠠᠯ᠎ᠠ ᠪᠠᠷ ᠬᠢ ᠬᠠᠮᠳᠤ ᠶᠢᠨ ᠠᠰᠢᠬ ᠲᠤᠰᠠ ᠶᠠᠪᠤᠬᠤ ᠳᠤᠳᠤᠮ ᠤᠯᠠᠰᠢᠷᠠᠵᠤ᠂ ᠡᠯ᠎ᠠ ᠬᠦᠷᠢᠶ᠎ᠠ ᠴᠠᠷᠠᠭ᠎ᠠ ᠶᠢᠨ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠦᠷᠬᠡᠳᠬᠡᠬᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠤᠢᠢᠯᠡᠳᠬᠦ ᠤᠷᠤᠨ ᠵᠠᠢ ᠤᠯᠠᠮ ᠶᠡᠭᠡ ᠪᠤᠯᠵᠠᠢ᠃ ᠪᠢ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢ ᠬᠦᠭᠵᠢᠬᠦᠯᠬᠦ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠲᠤᠷᠠᠳᠠᠶ᠎ᠠ ᠲᠠᠨ ᠲᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢ ᠨᠡᠩ ᠦᠨᠳᠤᠷ ᠲᠦᠪᠰᠢᠨ ᠳᠤ ᠬᠦᠷᠭᠡᠬᠦ ᠪᠠᠷ ᠬᠦᠳᠤᠯᠤᠨ ᠲᠠᠭᠠᠭᠤᠯᠤᠨ᠎ᠠ ᠬᠡᠵᠤ ᠵᠢᠭᠠᠵᠤ ᠭᠠᠷᠭᠠᠪᠠ᠃    ᠸᠧᠨ ᠽᠠᠢ ᠶᠢᠨ᠂ ᠲᠡᠷᠢᠬᠦᠯᠡᠭᠴᠢ ᠰᠢ ᠶᠢᠨ ᠫᠢᠩ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠳᠤᠮᠳᠠᠳᠤ ᠤᠯᠤᠰ ᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠠᠵᠢᠯ ᠢᠯᠡᠳᠳᠡ ᠠᠮᠵᠢᠯᠳᠠ ᠤᠯᠪᠠ᠂ ᠪᠢ ᠡᠬᠦᠨ ᠢ ᠲᠡᠭᠡᠳᠤ ᠬᠡᠮᠵᠢᠶ᠎ᠠ ᠪᠠᠷ ᠦᠨᠠᠯᠠᠵᠤ ᠪᠠᠶᠢᠨ᠎ᠠ᠂ ᠤᠳᠠᠯ ᠦᠬᠡᠢ ᠬᠤᠷᠠᠯᠳᠤᠬᠤ ᠳᠤᠮᠳᠠᠳᠤ ᠤᠯᠤᠰ ᠤᠨ ᠬᠤᠶᠠᠷ ᠬᠤᠷᠠᠯ ᠲᠡᠬᠦᠰ ᠠᠮᠵᠢᠯᠳᠠ ᠤᠯᠬᠤ ᠶᠢ ᠵᠦᠩᠨᠡᠨ ᠢᠷᠤᠬᠡᠵᠤ ᠪᠠᠶᠢᠨ᠎ᠠ︕ ᠺᠤᠷᠢᠶᠠ ᠳᠤᠮᠳᠠᠳᠤ ᠬᠤᠶᠠᠷ ᠤᠯᠤᠰ ᠤᠨ ᠬᠢᠵᠢᠭ ᠲᠠᠢ ᠲᠡᠮᠡᠴᠡᠬᠦ ᠰᠡᠳᠬᠢᠴᠠ ᠪᠤᠯᠤᠨ ᠠᠷᠭ᠎ᠠ ᠬᠡᠮᠵᠢᠶ᠎ᠠ ᠠᠳᠠᠯᠢᠪᠳᠤᠷ᠂ ᠬᠢᠵᠢᠭ ᠤᠨ ᠪᠠᠶᠢᠳᠠᠯ ᠲᠠᠢ ᠲᠡᠮᠡᠴᠡᠬᠦ ᠬᠠᠮᠳᠤᠷᠠᠯᠴᠠᠭ᠎ᠠ ᠢᠯᠡᠳᠳᠡ ᠦᠷ᠎ᠡ ᠪᠦᠳᠤᠮᠵᠢ ᠤᠯᠵᠤ᠂ ᠢᠯᠠᠩᠭᠤᠶ᠎ᠠ ᠶᠠᠭᠤᠨ ᠤ ᠤᠷᠢᠳ ︽ᠲᠦᠷᠬᠡᠨ ᠨᠡᠪᠳᠡᠷᠡᠬᠦ ᠵᠠᠮ︾ ᠢ ᠨᠡᠪᠳᠡᠷᠡᠬᠦᠯᠵᠥ᠂ ᠬᠤᠶᠠᠷ ᠤᠯᠤᠰ ᠤᠨ ᠪᠦᠯᠬᠦᠮᠳᠡᠯ ᠬᠠᠮᠳᠤᠷᠠᠯᠴᠠᠭ᠎ᠠ ᠶᠢᠨ ᠬᠦᠴᠤᠨ ᠪᠦᠬᠦᠢ ᠮᠡᠳᠡᠭᠡ ᠵᠠᠩᠬᠢ ᠶᠢ ᠲᠠᠮᠵᠢᠭᠤᠯᠵᠤ᠂ ᠲᠡᠯᠡᠬᠡᠢ ᠳ᠋ᠡᠬᠢᠨ ᠳᠤ ᠦᠯᠢᠬᠡᠷ ᠵᠢᠱᠢᠶ᠎ᠠ ᠦᠵᠡᠬᠦᠯᠦᠭᠰᠡᠨ ᠪᠠᠶᠢᠨ᠎ᠠ᠃ ᠺᠤᠷᠢᠶᠠ ᠶᠢᠨ ᠬᠢᠨ ᠲᠤᠷᠠᠳᠠᠶ᠎ᠠ ᠳᠤᠮᠳᠠᠳᠤ ᠤᠯᠤᠰ ᠯᠤᠭ᠎ᠠ ᠦᠷᠬᠦᠯᠵᠢᠯᠠᠨ ᠤᠯᠤᠯᠴᠠᠭ᠎ᠠ ᠬᠠᠮᠳᠤᠷᠠᠯᠴᠠᠭ᠎ᠠ ᠬᠢᠵᠤ᠂ ᠲᠡᠯᠡᠬᠡᠢ ᠨᠡᠶᠢᠬᠡᠮ ᠤᠨ ᠪᠦᠯᠬᠦᠮᠳᠡᠯ ᠢᠳᠡᠬᠡᠯᠴᠡᠭᠡ ᠶᠢ ᠴᠢᠩᠭᠠᠳᠬᠠᠬᠤ᠂ ᠬᠢᠵᠢᠭ ᠤᠨ ᠪᠠᠶᠢᠳᠠᠯ ᠢ ᠢᠯᠠᠨ ᠲᠠᠪᠠᠭ᠋ᠤ ᠳᠤ ᠢᠳᠡᠪᠬᠢᠳᠠᠢ ᠤᠢᠢᠯᠡᠳᠤᠯ ᠦᠵᠡᠬᠦᠯᠤᠨ᠎ᠠ᠃ ᠺᠤᠷᠢᠶᠠ ᠶᠢᠨ ᠬᠢᠨ ᠳᠤᠮᠳᠠᠳᠤ ᠤᠯᠤᠰ ᠯᠤᠭ᠎ᠠ ᠨᠢᠬᠳᠠ ᠤᠯᠤᠯᠴᠠᠭ᠎ᠠ ᠪᠠᠨ ᠪᠠᠳᠤᠯᠠᠵᠤ᠂ ᠺᠤᠷᠢᠶᠠ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠠ ᠦᠬᠡᠢ ᠬᠦᠭᠵᠢᠬᠦ ᠶᠢ ᠠᠬᠢᠭᠤᠯᠬᠤ ᠶᠢ ᠬᠦᠰᠡᠵᠥ ᠪᠠᠶᠢᠨ᠎ᠠ ᠬᠡᠵᠤ ᠢᠯᠡᠳᠬᠡᠵᠡᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号