| | | | | | | 5 ᠰᠠᠷ᠎ᠠ ᠶᠢᠨ 14 ᠤ ᠡᠳᠦᠷ᠂ ᠪᠥᠬᠦ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢᠨ ᠠᠬᠤᠢ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠵᠢᠴᠢ ᠲᠤᠬᠠᠶᠢᠯᠠᠭᠰᠠᠨ | ᠠᠵᠢᠯ ᠤᠨ ᠪᠤᠯᠪᠠᠰᠤᠷᠠᠯ ᠤᠨ ᠬᠤᠷᠠᠯ ᠲᠤᠭ ᠪᠠᠯᠭᠠᠰᠤᠨ ᠳᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠰᠦ᠋ ᠰᠢᠨ ᠹᠠ᠂ ᠬᠤᠰᠢᠭᠤ ᠤᠳᠤᠷᠢᠳᠤᠯᠭ᠎ᠠ ᠭᠤᠤ ᠬᠤ᠋᠂ ᠪᠠᠶᠠᠨᠴᠡᠩᠭᠡᠯ᠂ ᠸᠠᠩ ᠭᠠᠩ ᠪᠤᠯᠤᠨ ᠬᠤᠰᠢᠭᠤ | ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ 9 | ᠰᠢᠭᠤᠳ ᠬᠠᠷᠢᠶ᠎ᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠪᠠ ᠡᠯ᠎ᠡ ᠰᠤᠮᠤ ᠪᠠᠯᠭᠠᠰᠤᠨ | ᠤ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ | ᠳᠠᠷᠤᠭ᠎ᠠ ᠵᠢᠴᠢ ᠡᠯ᠎ᠡ ᠶᠠᠷᠤᠩᠭᠡᠶᠢᠯᠡᠭᠰᠠᠨ ᠬᠠᠤᠯᠢ ᠬᠡᠷᠡᠭᠵᠢᠭᠦᠯᠬᠦ ᠲᠣᠪᠴᠢᠶᠠᠨ ᠤ ᠠᠵᠢᠯᠲᠠᠨ ᠲᠤᠭ ᠪᠠᠯᠭᠠᠰᠤᠨ ᠳᠤ | ᠬᠦᠷᠴᠤ ᠶᠠᠷᠤᠩᠭᠡᠶᠢᠯᠡᠭᠰᠠᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠣᠭᠤᠷᠢᠨ ᠦᠵᠡᠪᠡ᠃ | | | | | | | | ᠲᠣᠭᠤᠷᠢᠨ ᠦᠵᠡᠬᠦ ᠪᠦᠯᠬᠦᠮ ᠤᠨ ᠬᠢᠨ ᠵᠥᠩ ᠲᠢᠶᠠᠨ ᠾᠧ ᠴᠤᠸᠠᠩ ᠺᠤᠮᠫᠠᠨᠢ ᠶᠢᠨ ᠮᠥᠩᠭᠡᠴᠢᠨ | ᠨᠠᠭᠦᠷᠠᠰᠤᠨ ᠠᠭᠤᠷᠬᠠᠢ ᠶᠢᠨ ᠲᠦᠷ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠴᠡᠭᠴᠡᠯᠡᠨ | ᠵᠠᠰᠠᠯᠲᠠ᠂ ᠲᠤᠭ ᠪᠠᠯᠭᠠᠰᠤ ᠶᠢᠨ ᠪᠠᠯᠭᠠᠰᠤᠨ ᠤ ᠳᠦᠷᠢ ᠲᠥᠷᠬᠦ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠪᠠ | ᠲᠤᠭ ᠪᠠᠯᠭᠠᠰᠤᠨ ᠤ ᠶᠠᠷᠤᠩᠭᠡᠶᠢᠯᠡᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠪᠦᠲᠦᠭᠡᠨ | ᠪᠠᠶᠢᠭᠤᠯᠤᠯᠲᠠ ᠶᠢᠨ ᠰᠢᠨ᠎ᠡ ᠡᠭᠦᠳᠤᠯᠳᠠ ᠪᠠ ᠥᠭᠡᠷᠡᠴᠢᠯᠡᠯᠲᠡ ᠶᠢᠨ ᠡᠷᠭᠢᠯᠳᠠ ᠶᠢᠨ ᠪᠠᠶᠢᠳᠠᠯ ᠢ ᠰᠣᠨᠣᠰᠴᠤ ᠲᠤᠭ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠦᠷᠢᠶᠡᠨ ᠳᠤ ᠬᠢᠭᠰᠡᠨ ᠬᠠᠶᠢᠨ ᠰᠦᠪᠡᠭᠴᠢᠯᠡᠯᠲᠡ ᠪᠠ ᠡᠭᠦᠳᠥᠯᠳᠠ ᠳᠤ ᠨᠤᠳᠠᠯᠠᠯᠳᠠ | ᠥᠭᠪᠡ᠃ ᠲᠤᠭ ᠪᠠᠯᠭᠠᠰᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠬᠢᠨ ᠬᠤᠷᠠᠯ ᠳᠡᠭᠡᠷ᠎ᠡ | ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ ᠡᠯ᠎ᠡ ᠰᠤᠮᠤ ᠪᠠᠯᠭᠠᠰᠤ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠮᠠᠨ ᠤ ᠬᠤᠰᠢᠭᠤᠨ ᠤ | ᠶᠡᠷᠦᠩᠬᠡᠶᠢᠯᠡᠭᠰᠡᠨ ᠬᠠᠤᠯᠢ ᠭᠡᠷᠡᠭᠵᠢᠭᠦᠯᠭᠦ ᠥᠭᠡᠷᠡᠴᠢᠯᠡᠯᠲᠡ ᠶᠢ ᠠᠬᠢᠭᠤᠯᠬᠤ ᠳᠤ ᠡᠷᠬᠢᠮ ᠨᠠᠨᠳᠢᠨ ᠲᠤᠷᠰᠢᠯᠭ᠎ᠠ | ᠬᠤᠷᠠᠮᠳᠤᠭᠤᠯᠤᠨ ᠪᠠᠲᠤ ᠪᠠᠬᠢ ᠰᠠᠭᠤᠷᠢ ᠶᠢ ᠲᠠᠯᠪᠢᠵᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ | ᠰᠣᠯᠢᠯᠴᠠᠭ᠎ᠠ ᠰᠤᠷᠤᠯᠴᠠᠯᠭ᠎ᠠ ᠪᠠᠨ ᠴᠢᠩᠭᠠᠳᠬᠠᠵᠤ ᠬᠠᠷᠢᠯᠴᠠᠨ ᠯᠠᠪᠯᠠᠯᠲᠠ ᠪᠤᠯᠭᠠᠨ ᠨᠠᠩ ᠤᠯᠠᠨ ᠰᠢᠨ᠎ᠡ ᠠᠷᠭ᠎ᠠ | ᠪᠣᠳᠣᠯᠭ᠎ᠠ ᠭᠠᠷᠭᠠᠬᠤ ᠪᠠᠷ ᠴᠢᠷᠮᠠᠶᠢᠵᠤ ᠪᠦᠬᠦ ᠬᠤᠰᠢᠭᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠭᠦ ᠭᠡᠷᠡᠭᠳᠠᠢ ᠭᠡᠵᠡᠢ᠃ | | | | | | | ᠡᠷᠳᠡᠨᠢᠪᠢᠯᠢᠭ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠦᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠪᠠᠨ | ᠨᠡᠮᠡᠭᠳᠡᠭᠦᠯᠵᠦ ︽ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ︾ ᠶᠢ ︽ᠬᠠᠮᠳᠤᠷᠠᠨ ᠬᠠᠮᠵᠢᠯᠴᠠᠬᠤ︾ ᠳᠠᠰᠢ᠂ ︽ | ᠡᠭᠦᠷᠭᠡ ᠴᠢᠳᠠᠪᠤᠷᠢ ᠶᠢ ᠳᠣᠷᠣᠭᠰᠢ ᠪᠠᠭᠤᠯᠭᠠᠬᠤ︾ ᠶᠢ ︽ᠥᠢᠯᠡᠴᠢᠯᠡᠭᠡ ᠶᠢ ᠳᠣᠷᠣᠭᠰᠢ ᠪᠠᠭᠤᠯᠭᠠᠬᠤ︾ ᠳᠠᠰᠢ᠂ | ︽ᠪᠦᠳᠦᠭᠦᠯᠢᠭ ᠢᠶᠠᠷ ᠬᠠᠤᠯᠢ ᠬᠡᠷᠡᠭᠵᠢᠭᠦᠯᠬᠦ︾ ᠶᠢ ︽ᠨᠠᠷᠢᠯᠢᠭ ᠢᠶᠠᠷ ᠬᠠᠤᠯᠢ ᠬᠡᠷᠡᠭᠵᠢᠭᠦᠯᠬᠦ︾ ᠳᠠᠰᠢ | ᠬᠤᠪᠢᠷᠠᠭᠤᠯᠬᠤ ᠶᠢ ᠠᠭᠢᠭᠤᠯᠤᠨ ᠡᠷᠬᠡ ᠬᠠᠷᠢᠭᠤᠴᠠᠯᠭ᠎ᠠ ᠲᠣᠳᠣᠷᠬᠠᠶ᠂ ᠳᠡᠭᠡᠷ᠎ᠡ ᠲᠤᠤᠷ᠎ᠠ ᠱᠠᠲᠤ ᠨᠡᠪᠲᠡᠷᠡᠯᠴᠡᠭᠰᠡᠨ᠂ | ᠵᠢᠯᠣᠭᠤᠳᠣᠯᠭ᠎ᠠ ᠤᠷᠤᠭᠰᠢᠲᠠᠶ᠂ ᠡᠷᠭᠢᠯᠳᠠ ᠥᠨᠳᠥᠷ ᠦᠷ᠎ᠡ ᠪᠦᠲᠦᠮᠵᠢᠲᠡᠶ᠂ ᠪᠠᠲᠤᠯᠠᠭ᠎ᠠ ᠬᠦᠴᠦᠲᠡᠶ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢ ᠪᠠᠶᠢᠭᠤᠯᠵᠤ ᠤᠯᠤᠰ ᠲᠥᠷᠥ ᠶᠢᠨ | ᠲᠠᠯ᠎ᠠ ᠪᠠᠷ ᠪᠠᠲᠤ ᠴᠢᠩᠭ᠎ᠠ᠂ ᠬᠡᠪ ᠴᠢᠨᠠᠷ ᠥᠨᠳᠤᠷ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠰᠠᠶᠢᠨ᠂ | ᠠᠷᠢᠭᠤᠨ ᠴᠢᠬᠡᠴᠢ ᠥᠨᠳᠥᠷ ᠪᠦᠲᠦᠮᠵᠢᠲᠡᠶ ᠶᠡᠷᠦᠩᠬᠡᠶᠢᠯᠡᠭᠰᠡᠨ ᠵᠠᠰᠠᠭ ᠵᠠᠭᠢᠷᠭᠠᠨ ᠤ ᠬᠠᠤᠯᠢ ᠬᠡᠷᠡᠭᠵᠢᠭᠦᠯᠬᠦ | ᠡᠩᠨᠡᠭᠡ ᠶᠢ ᠪᠠᠶᠢᠭᠤᠯᠤᠨ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ | ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠬᠦᠴᠦᠲᠡᠶ ᠬᠠᠤᠯᠢ ᠬᠡᠷᠡᠭᠵᠢᠭᠦᠯᠬᠦ ᠪᠠᠲᠤᠯᠠᠭ᠎ᠠ ᠬᠠᠩᠭᠠᠬᠤ ᠭᠡᠷᠡᠭᠳᠠᠢ ᠭᠡᠵᠡᠢ | ᠃ | | | | | | | ᠵᠤᠤ ᠹᠸᠢ ᠯᠦ ᠳ᠋ᠦᠩᠨᠡᠯᠳᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠰᠣᠯᠢᠯᠴᠠᠭ᠎ᠠ ᠳᠤᠮᠳᠠ ᠲᠤᠳᠠᠭᠳᠠᠯ ᠵᠥᠷᠢᠶ᠎ᠠ ᠪᠠᠨ | ᠡᠷᠢᠨ ᠭᠦᠨᠵᠡᠭᠡᠢ ᠣᠶᠢᠯᠠᠭᠠᠯᠴᠠᠬᠤ ᠳᠤᠮᠳᠠ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ ᠬᠠᠶᠢᠨ | ᠰᠦᠪᠡᠭᠴᠢᠯᠡᠬᠦ ᠳᠤᠮᠳᠠ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠭᠢᠵᠢᠭᠦᠯᠤᠨ ᠥᠭᠡᠷᠡᠴᠢᠯᠡᠯᠲᠡ ᠶᠢᠨ ᠠᠵᠢᠯ | ᠪᠣᠯᠤᠨ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ ᠡᠷᠬᠡ | ᠬᠠᠷᠢᠭᠤᠴᠠᠯᠭ᠎ᠠ ᠨᠢ ᠲᠣᠳᠣᠷᠬᠠᠶ᠂ ᠬᠠᠷᠢᠯᠴᠠᠨ ᠨᠠᠪᠳᠠᠷᠠᠯᠴᠡᠭᠰᠠᠨ᠂ ᠵᠣᠬᠢᠴᠠᠯᠳᠤᠨ ᠬᠥᠳᠡᠯᠦᠯᠴᠡᠭᠰᠡᠨ᠂ ᠲᠥᠪ | ᠭᠤᠤᠯᠴᠢ ᠪᠥᠭᠡᠳ ᠵᠢᠷᠤᠮᠵᠢᠭᠰᠠᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠨ᠎ᠡ | ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠡᠢ᠃ | ᠬᠤᠷᠠᠯ ᠠᠴᠠ ᠪᠠᠰᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ | ᠠᠵᠢᠯ ᠤᠨ ᠪᠤᠯᠪᠠᠰᠤᠷᠠᠯ ᠭᠢᠭᠰᠡᠨ ᠪᠠᠶᠢᠨ᠎ᠠ᠃ | | | | | | | |