5 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠶᠠᠩ ᠸᠧᠶ ᠳ᠋ᠦᠩ | ᠬᠢᠶ᠎ᠠ ᠪᠠᠭᠰᠢ ᠲᠣᠭᠤᠷᠢᠭ᠂ ᠤᠲᠤᠭ ᠤᠨ ᠡᠮᠦᠨᠡᠲᠦ ᠬᠤᠰᠢᠭᠤ᠂ ᠮᠠᠨ ᠤ ᠬᠤᠰᠢᠭᠤ ᠪᠠᠷ ᠭᠦᠨᠵᠡᠭᠡᠶᠢᠷᠡᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠪᠠᠶᠢᠭᠤᠯᠤᠯᠲᠠ ᠶᠢ ᠠᠳᠬᠤᠵᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠢ ᠠᠭᠢᠭᠤᠯᠬᠤ᠂ ᠺᠠᠳ᠋ᠷ ᠤᠨ ᠬᠥᠮᠦᠵᠢᠯ ᠪᠤᠯᠪᠠᠰᠤᠷᠠᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠭᠡᠷᠡᠭᠳᠠᠢ | ᠭᠡᠵᠤ ᠴᠢᠬᠤᠯᠠᠴᠢᠯᠠᠭᠰᠠᠨ ᠪᠠᠶᠢᠨ᠎ᠠ᠃ | ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶᠡᠰ ᠶᠠᠩ ᠸᠧᠢ ᠳ᠋ᠦᠩ ᠨᠡᠷ ᠭᠠᠯᠠᠭᠤᠲᠤ | ᠪᠠᠯᠭᠠᠰᠤᠨ ᠤ ᠬᠤᠷᠠᠬᠤ ᠨᠡᠶᠢᠭᠡᠮ ᠲᠣᠭᠤᠷᠢᠭ᠂ ᠣᠯᠠᠭᠠᠠᠲᠤᠯᠤᠭᠠᠢ ᠪᠠᠯᠭᠠᠰᠤᠨ ᠤ ᠪᠠᠶᠠᠨᠭᠤᠣᠯ ᠭᠠᠴᠠᠭ᠎ᠠ ᠪᠣᠯᠤᠨ | ᠵᠥᠩ ᠲᠢᠶᠠᠨ ᠾᠧ ᠴᠤᠸᠠᠩ ᠺᠤᠮᠫᠠᠨᠢ ᠶᠢᠨ ᠨᠡᠭᠦᠷᠡᠰᠦ ᠶᠢ ᠨᠠᠷᠢᠯᠢᠭ ᠪᠤᠯᠪᠠᠰᠤᠷᠠᠭᠤᠯᠬᠤ ᠲᠠᠭᠤᠷᠢᠶᠠᠯ ᠲᠦᠷᠦᠯ | ᠵᠦᠢᠯ ᠤᠨ ᠤᠷᠤᠨ ᠳᠤ ᠬᠦᠷᠴᠤ ᠪᠠᠶᠢᠴᠠᠭᠠᠪᠠ᠃ | ᠶᠠᠩ ᠸᠧᠶ ᠳ᠋ᠦᠩ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠠᠳᠬᠤᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠶᠢ ᠠᠬᠢᠭᠤᠯᠵᠤ | ᠺᠠᠳ᠋ᠷ ᠤᠯᠠᠨ ᠲᠥᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠲᠤᠯᠬᠤ ᠲᠠᠶᠢᠯᠠᠯᠳᠤᠭᠠᠨ ᠳᠤ ᠣᠷᠣᠯᠴᠠᠬᠤ ᠶᠢ ᠤᠷᠮᠠᠰᠢᠭᠤᠯᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠪᠠᠳᠤᠯᠠᠬᠤ ᠭᠡᠷᠡᠭᠳᠠᠢ᠃ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ ᠦᠨᠳᠦᠰᠦᠨ ᠱᠠᠲᠤᠨ ᠤ ᠨᠠᠮ ᠤᠨ ᠳᠤᠷᠤᠢ ᠪᠠᠭᠤᠷᠠᠢ ᠰᠤᠯᠠ ᠵᠠᠳᠠᠭᠠᠢ ᠵᠣᠬᠢᠶᠠᠨ ᠪᠠᠶᠢᠭᠤᠯᠤᠯᠲᠠ ᠶᠢ | ᠴᠡᠭᠴᠡᠯᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠵᠤ ᠨᠠᠮ ᠤᠨ ᠵᠣᠬᠢᠶᠠᠨ | ᠪᠠᠶᠢᠭᠤᠯᠤᠯᠳᠠ ᠶᠢᠨ ᠰᠢᠯᠢᠳᠡᠭ ᠳᠠᠭᠠᠭᠤᠯᠤᠭᠴᠢ ᠶᠢ ᠰᠣᠩᠭᠤᠨ ᠲᠤᠭᠢᠷᠠᠭᠤᠯᠵᠤ ︽ᠬᠠᠮᠤᠭ ᠤᠨ ᠬᠦᠴᠦᠷᠬᠡᠭ | ᠨᠠᠮ ᠤᠨ ᠡᠭᠦᠷ︾ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠭᠠᠵᠠᠷ ᠣᠷᠣᠨ ᠤ ᠪᠠᠶᠢᠳᠠᠯ ᠳᠠᠭᠠᠨ | ᠳᠣᠭᠢᠷᠠᠭᠤᠯᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠭᠡᠷᠡᠭᠳᠠᠢ | ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠳᠡᠭᠡᠷ᠎ᠡ ᠢᠯᠠᠷᠠᠭᠦᠯᠵᠤ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠦᠢᠯᠡᠳᠦᠯ ᠢ ᠬᠦᠢᠴᠡᠳ ᠪᠠᠳᠠᠷᠠᠭᠤᠯᠵᠤ ᠠᠵᠢᠯ ᠢᠶᠠᠨ ᠰᠡᠷᠭᠦᠭᠡᠨ | ᠦᠢᠯᠡᠳᠪᠤᠷᠢᠯᠡᠯ ᠢᠶᠠᠨ ᠰᠡᠷᠭᠦᠭᠡᠬᠦ ᠳᠤ ᠬᠦᠴᠦᠨ ᠨᠠᠮᠠᠷᠢᠯᠠᠭᠦ ᠭᠡᠷᠡᠭᠳᠠᠢ᠃ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠲᠣᠣᠷᠴᠢᠯᠠᠭᠰᠠᠨ ᠵᠠᠰᠠᠯᠲᠠ ᠶᠢ ᠠᠭᠢᠭᠤᠯᠤᠨ ᠨᠠᠮ ᠪᠠ ᠣᠯᠠᠨ ᠲᠦᠮᠡᠨ ᠤ ᠥᠢᠯᠡᠴᠢᠯᠡᠭᠡᠨ ᠤ | ᠲᠥᠪ ᠢ ᠪᠠᠶᠢᠭᠤᠯᠤᠨ ᠬᠡᠷᠡᠭᠯᠡᠵᠦ ᠥᠢᠯᠡᠴᠢᠯᠡᠭᠡᠨ ᠤ ᠴᠢᠳᠠᠮᠵᠢ ᠶᠢ ᠲᠡᠭᠡᠭᠰᠢᠯᠠᠭᠦᠯᠭᠦ ᠭᠡᠷᠡᠭᠳᠠᠢ ᠭᠡᠵᠡᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠷᠢᠨ ᠪᠢᠴᠢᠭ ᠤᠨ ᠳᠠᠷᠤᠭ᠎ᠠ ᠱᠢ ᠯᠢᠶᠠᠩ᠂ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ ᠪᠠᠶᠢᠴᠠᠭᠠᠨ ᠰᠤᠳᠤᠯᠤᠯᠲᠠ ᠳᠤ | ᠣᠷᠣᠯᠴᠠᠵᠠᠶ᠃ |