ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠢ ᠨᠢᠬᠡᠳᠦᠯᠳᠡᠢ ᠠᠬᠢᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠳᠣᠯᠣᠳᠣᠭᠠᠷ ᠤᠳᠠᠭᠠᠨ ᠤ ᠠᠯᠪᠠᠯᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-05-15
     5 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠳᠠ ᠶᠢᠨ ᠳᠠᠷᠤᠭ᠎ᠠ ᠰᠡᠴᠡᠨᠪᠢᠯᠢᠭ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠢ ᠨᠢᠬᠡᠳᠦᠯᠳᠡᠢ ᠠᠬᠢᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠳᠣᠯᠣᠳᠣᠭᠠᠷ ᠤᠳᠠᠭᠠᠨ ᠤ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠵᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠦᠬᠦ ᠬᠤᠳᠠ ᠶᠢᠨ ᠭᠤᠣᠯᠳᠠᠯᠭ᠎ᠠ ᠲᠠᠢ ᠳᠦᠷᠦᠯ ᠵᠦᠢᠯ ᠤᠨ ᠠᠬᠢᠯᠳᠠ᠂ ᠦᠷᠢ ᠰᠢᠷᠢ ᠶᠢ ᠢᠯᠭᠠᠷᠠᠭᠤᠯᠤᠭᠰᠠᠨ ᠪᠠᠶᠢᠳᠠᠯ᠂ ᠵᠢᠬᠡᠯᠡᠯᠬᠡ ᠶᠢᠨ ᠳᠡᠮᠳᠡᠭᠲᠣ ᠶᠢ ᠳᠠᠷᠬᠠᠭᠠᠭᠰᠠᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠤᠨ ᠣᠷᠣᠰᠢᠵᠦ ᠪᠠᠶᠢᠭ᠎ᠠ ᠠᠰᠠᠭᠤᠳᠠᠯ ᠢ ᠰᠣᠳᠣᠯᠣᠨ ᠰᠶᠢᠳᠪᠤᠷᠢᠯᠡᠵᠦ ᠳᠠᠷᠠᠭᠠᠴᠢ ᠶᠢᠨ ᠠᠵᠢᠯ ᠳᠤ ᠪᠠᠶᠢᠷᠢᠯᠠᠭᠤᠯᠣᠯᠲᠠ ᠬᠢᠪᠡ᠃      ᠰᠡᠴᠡᠨᠪᠢᠯᠢᠭ᠂ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠵᠣᠷᠰᠢᠯ ᠠᠴᠠ ᠳᠠᠪᠠᠭᠰᠠᠨ ᠠᠷᠭ᠎ᠠ ᠪᠠᠷᠢᠯ ᠠᠪᠴᠦ ︽ ᠵᠢᠷᠭᠤᠭ᠎ᠠ ᠶᠢ ᠳᠣᠭᠳᠠᠭᠤᠨ ᠪᠠᠶᠢᠯᠭᠠᠬᠤ︾ ᠶᠢ ᠪᠠᠳᠣᠳᠠᠢ ᠬᠢᠵᠦ ︽ᠵᠢᠷᠭᠤᠭ᠎ᠠ ᠶᠢ ᠬᠠᠮᠠᠭᠠᠯᠠᠬᠤ︾ ᠡᠬᠦᠷᠭᠡ ᠶᠢ ᠪᠦᠬᠦ ᠳᠠᠯ᠎ᠠ ᠪᠠᠷ ᠲᠤᠭᠤᠰᠢᠯᠠᠭᠤᠯᠤᠨ ᠪᠦᠬᠦ ᠵᠢᠯ ᠤᠨ ᠠᠵᠣ ᠠᠬᠤᠢ ᠨᠡᠶᠢᠬᠡᠮ ᠤᠨ ᠬᠦᠭᠵᠢᠯᠳᠡ ᠶᠢᠨ ᠬᠠᠷᠠᠯᠳᠠ ᠪᠠᠨ ᠴᠢᠷᠮᠠᠶᠢᠨ ᠪᠡᠶᠡᠯᠡᠬᠦᠯᠬᠦ ᠬᠡᠷᠡᠭᠲᠡᠢ ᠬᠡᠵᠦ ᠵᠢᠭᠠᠵᠦ ᠭᠠᠷᠭᠠᠪᠠ᠃      ᠰᠡᠴᠡᠨᠪᠢᠯᠢᠭ᠂ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠳᠦᠷᠦᠯ ᠵᠦᠢᠯ ᠤᠨ ᠪᠦᠲᠦᠬᠡᠨ ᠪᠠᠶᠢᠭᠤᠯᠣᠯᠳᠠ ᠶᠢ ᠴᠢᠩᠭ᠎ᠠ ᠠᠳᠬᠤᠵᠦ ᠳᠣᠬᠢᠷᠠᠭᠤᠯᠣᠨ ᠠᠬᠢᠭᠤᠯᠬᠤ ᠰᠢᠨ᠎ᠡ ᠠᠷᠭ᠎ᠠ ᠪᠠᠷᠢᠯ ᠢ ᠡᠬᠦᠳᠣᠨ ᠦᠢᠯᠡᠴᠢᠯᠡᠬᠡᠨ ᠤ ᠪᠠᠳᠣᠯᠠᠭ᠎ᠠ ᠶᠢᠨ ᠴᠢᠳᠠᠪᠣᠷᠢ ᠪᠠᠨ ᠳᠡᠭᠡᠭᠰᠢᠯᠡᠬᠦᠯᠵᠦ ᠳᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠪᠠ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠲᠠ ᠶᠢᠨ ᠠᠬᠢᠴᠠ ᠶᠢ ᠳᠦᠷᠭᠡᠳᠭᠡᠬᠦ ᠬᠡᠷᠡᠭᠲᠡᠢ᠃ ᠭᠤᠤᠯᠳᠠᠯᠭ᠎ᠠ ᠲᠠᠢ ᠲᠥᠷᠥᠯ ᠵᠥᠢᠯ ᠢ ᠨᠢᠬᠡᠳᠦᠯᠳᠡᠢ ᠠᠬᠢᠭᠤᠯᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠣᠯᠠᠮ ᠳᠡᠬᠦᠯᠳᠡᠷᠵᠢᠬᠦᠯᠵᠦ ᠣᠷᠣᠰᠢᠵᠦ ᠪᠠᠶᠢᠭ᠎ᠠ ᠠᠰᠠᠭᠤᠳᠠᠯ ᠢ ᠵᠣᠬᠢᠴᠠᠭᠤᠯᠣᠨ ᠰᠶᠢᠳᠪᠤᠷᠢᠯᠡᠬᠦ ᠶᠢ ᠪᠠᠶᠢᠩᠭᠤᠵᠢᠭᠤᠯᠤᠨ ᠳᠦᠷᠦᠯ ᠵᠦᠢᠯ ᠤᠨ ᠪᠢᠳᠡᠬᠦᠦ ᠴᠠᠭᠠᠷᠢᠭ ᠮᠠᠶ᠋ᠢᠭ ᠤᠨ ᠠᠬᠢᠯᠳᠠ ᠶᠢᠨ ᠳᠣᠭᠳᠠᠴᠠ ᠶᠢ ᠪᠤᠢ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠦᠷᠢ ᠰᠢᠷᠢ ᠶᠢ ᠨᠠᠮᠳᠠᠭᠠᠬᠤ ᠪᠣᠯ ᠳᠦᠪ ᠴᠢᠩᠭ᠎ᠠ ᠣᠯᠣᠰ ᠳᠦᠷᠦ  ᠶᠢᠨ ᠡᠬᠦᠷᠭᠡ ᠮᠦᠨ᠂ ᠣᠳᠣᠬᠠᠨ ᠤ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠪᠠᠶᠢᠳᠠᠯ ᠳᠣᠣᠷ᠎ᠠ ᠠᠯᠢᠪᠠ ᠬᠦᠴᠢᠷ ᠪᠡᠷᠬᠡ ᠶᠢ ᠢᠯᠡᠨ ᠳᠠᠪᠠᠵᠦ ᠠᠷᠭ᠎ᠠ ᠪᠦᠬᠦᠨ ᠢ ᠰᠦᠪᠡᠭᠴᠢᠯᠡᠨ ᠵᠠᠰᠠᠭ ᠤᠨ ᠣᠷᠳᠣᠨ ᠤ ᠳᠠᠯᠳᠠ ᠦᠷᠢ ᠰᠢᠷᠢ ᠶᠢ ᠨᠠᠮᠳᠠᠭᠠᠬᠤ ᠪᠠ ᠠᠷᠠᠳ ᠠᠴᠠ ᠡᠵᠡᠩᠨᠡᠭᠰᠡᠨ ᠠᠵᠣ ᠠᠬᠤᠶᠢᠯᠠᠯ᠂ ᠳᠣᠮᠳᠠ ᠪᠠᠭ᠎ᠠ ᠠᠵᠣ ᠠᠬᠤᠶᠢᠯᠠᠯ ᠤᠨ ᠦᠷᠢ ᠶᠢ ᠳᠣᠭᠠᠴᠠᠨ ᠴᠠᠶᠢᠷᠠᠭᠤᠯᠵᠦ ᠬᠦᠨᠲᠦ ᠶᠡᠭᠡ ᠠᠶᠣᠯ ᠳᠦᠭᠰᠢᠬᠦᠷᠢ ᠶᠢ ᠰᠡᠷᠬᠡᠶᠢᠯᠡᠨ ᠰᠶᠢᠳᠪᠤᠷᠢᠯᠡᠬᠦ ᠰᠢᠪᠳᠣᠯᠣᠯᠲᠠ ᠶᠢᠨ ᠳᠠᠶᠢᠯᠠᠯᠳᠣᠭᠠᠨ ᠤ ᠢᠯᠡᠯᠳᠡ ᠶᠢ ᠡᠷᠡᠰ ᠳᠡᠮᠡᠴᠡᠨ ᠣᠯᠬᠤ ᠬᠡᠷᠡᠭᠲᠡᠢ ᠃ ᠳᠣᠰᠬᠠᠢ ᠳᠦᠷᠦᠯ ᠤᠨ ᠵᠢᠬᠡᠯᠡᠯᠬᠡ ᠶᠢᠨ ᠳᠡᠮᠳᠡᠭᠲᠣ ᠳᠠᠷᠬᠠᠭᠠᠬᠤ ᠠᠵᠢᠯ ᠢ ᠳᠡᠬᠡᠲᠦ ᠬᠡᠮᠵᠢᠶ᠎ᠡ ᠪᠠᠷ ᠴᠢᠬᠤᠯᠠᠴᠢᠯᠠᠵᠦ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠣᠰᠣᠭᠠᠷ ᠪᠡᠯᠡᠳᠭᠡᠯ ᠠᠵᠢᠯ ᠢ ᠰᠠᠶᠢᠳᠣᠷ ᠬᠢᠵᠦ ᠬᠢᠨᠠᠨ ᠮᠡᠳᠡᠬᠦᠯᠬᠦ ᠶᠢ ᠳᠦᠷᠭᠡᠳᠬᠡᠨ ᠳᠦᠷᠦᠯ ᠵᠦᠢᠯ ᠢ ᠦᠷᠭᠡᠳᠬᠡᠵᠦ ᠨᠡᠩ ᠣᠯᠠᠨ ᠳᠦᠷᠦᠯ ᠵᠦᠢᠯ ᠢ ᠬᠦᠮᠦᠷᠭᠡ ᠳᠤ ᠣᠷᠣᠭᠤᠯᠬᠤ ᠶᠢ ᠢᠳᠡᠪᠬᠢᠲᠡᠢ ᠵᠣᠬᠢᠶᠠᠨ ᠪᠠᠶᠢᠭᠤᠯᠵᠦ ᠬᠢᠨᠠᠨ ᠵᠦᠪᠰᠢᠶᠡᠷᠡᠭᠰᠡᠨ ᠳᠦᠷᠦᠯ ᠵᠦᠢᠯ ᠤᠨ ᠬᠠᠮᠢᠶᠠᠷᠣᠯᠳᠠ ᠶᠢ ᠴᠢᠩᠭᠠᠳᠬᠠᠨ ᠵᠢᠬᠡᠯᠡᠯᠬᠡ ᠶᠢᠨ ᠳᠡᠮᠳᠡᠭᠲᠣ ᠶᠢᠨ ᠪᠡᠯᠡ ᠮᠦᠩᠬᠦ ᠶᠢ ᠵᠣᠬᠢᠰᠳᠠᠢ ᠬᠡᠷᠡᠭᠯᠡᠵᠦ ᠪᠦᠲᠦᠮᠵᠢᠲᠡᠢ ᠬᠡᠷᠡᠭᠯᠡᠬᠦ ᠶᠢ ᠪᠠᠳᠣᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号