︽ᠦᠤᠰᠢᠨ ᠠᠳᠤᠭᠤ︾ ᠡᠯᠧᠺᠲᠷᠤᠨ ᠲᠠᠩᠰᠠ ᠲᠠᠢ ᠪᠤᠯᠤᠯ᠎ᠠ
ᠨᠡᠶᠢᠲᠡᠯᠡᠭᠰᠡᠨ ᠴᠠᠭ᠄
2020-05-15
     ᠦᠤᠰᠢᠨ ᠠᠳᠤᠭᠤ ᠨᠢ ᠮᠤᠩᠭᠤᠯ ᠠᠳᠤᠭᠤᠨ ᠤ ᠰᠢᠯᠢᠳᠡᠭ ᠡᠭᠦᠯᠳᠡᠷ ᠤᠨ ᠨᠢᠭᠡ ᠪᠠᠶᠢᠵᠦ᠂ ᠲᠤᠲᠤᠷᠬᠠᠢ ᠰᠢᠨᠵᠢ ᠲᠡᠮᠳᠡᠭ᠂ ᠤᠷᠤᠰᠢᠨ ᠠᠮᠢᠳᠤᠷᠠᠬᠤ ᠪᠦᠰᠡ ᠨᠤᠲᠤᠭ ᠢᠶᠠᠷ ᠨᠢ ︽ᠦᠤᠰᠢᠨ ᠠᠳᠤᠭᠤ︾ ᠬᠡᠮᠡᠨ ᠨᠡᠷᠡᠯᠡᠭᠰᠡᠨ ᠪᠠᠶᠢᠳᠠᠭ᠃ ᠣᠶᠢᠷ᠎ᠠ ᠳᠤ᠂ ᠮᠠᠨ ᠤ ᠬᠤᠰᠢᠭᠤ ᠠᠳᠤᠭᠤᠨ ᠤᠳᠤᠮ ᠢ ᠮᠦᠷᠳᠡᠬᠦ ᠴᠠᠬᠢᠮ ᠢᠯᠲᠡᠰᠤ ᠰᠠᠭᠤᠯᠭᠠᠵᠤ ᠡᠯᠧᠺᠲᠷᠤᠨ ᠲᠠᠩᠰᠠ ᠡᠪᠬᠡᠮᠡᠯ ᠪᠠᠶᠢᠭᠤᠯᠵᠦ ︽ᠦᠤᠰᠢᠨ ᠠᠳᠤᠭᠤ︾ ᠮᠠᠯᠵᠢᠵᠤ ᠪᠠᠶᠢᠭ᠎ᠠ ᠮᠠᠯᠴᠢᠳ ᠲᠤ ᠨᠦᠬᠦᠪᠦᠷᠢ ᠣᠯᠭᠤᠬᠤ ᠠᠵᠢᠯ ᠳᠤ ᠲᠦᠬᠦᠮ ᠦᠵᠡᠬᠦᠯᠤᠨ ᠠᠳᠤᠭᠤ ᠮᠠᠯᠵᠢᠬᠤ ᠢᠳᠡᠪᠬᠢᠵᠢᠯ ᠢ ᠨᠢ ᠲᠠᠶᠢᠴᠢᠯᠠᠵᠤ ᠪᠠᠶᠢᠨ᠎ᠠ᠃      ᠣᠶᠢᠷ᠎ᠠ ᠶᠢᠨ ᠡᠳᠦᠷ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠠᠵᠢᠯᠲᠠᠳ ᠮᠠᠯᠴᠢᠨ ᠨᠡᠭᠡᠭᠡᠭᠴᠢ ᠶᠢᠨ ᠬᠢᠨ ᠳᠤ ᠬᠦᠷᠴᠦ ᠲᠡᠳᠡᠨ ᠤ ᠮᠠᠯᠵᠢᠵᠤ ᠪᠠᠶᠢᠭ᠎ᠠ ᠬᠤᠷᠢ ᠭᠠᠷᠤᠢ ᠬᠡᠭᠦᠦ ᠳᠤ ᠠᠳᠤᠭᠤᠨ ᠤᠳᠤᠮ ᠢ ᠮᠦᠷᠳᠡᠬᠦ ᠴᠠᠬᠢᠮ ᠢᠯᠲᠡᠰᠤ ᠰᠠᠭᠤᠯᠭᠠᠵᠤ ᠡᠯᠧᠺᠲᠷᠤᠨ ᠲᠠᠩᠰᠠ ᠡᠪᠬᠡᠮᠡᠯ ᠭᠠᠷᠭᠠᠵᠤ ᠦᠭᠭᠦᠯ᠎ᠡ᠃ ᠡᠨᠡ ᠬᠦ ᠴᠠᠬᠢᠮ ᠢᠯᠲᠠᠰᠤ ᠶᠢ ᠭᠡᠭᠦᠦ ᠶᠢᠨ ᠪᠡᠶ᠎ᠡ ᠳᠤ ᠰᠠᠭᠤᠯᠭᠠᠭᠰᠠᠨ ᠢᠶᠠᠷ ᠭᠠᠷᠤᠭᠰᠠᠨ ᠤᠨᠠᠭᠠᠨ  ᠳᠤᠨᠢ ᠤᠳᠤᠮ ᠤᠭᠰᠠᠭ᠎ᠠ ᠶᠢᠨ ᠮᠦᠷᠳᠡᠯᠭᠡ ᠬᠢᠵᠦ ᠴᠢᠳᠠᠬᠤ ᠪᠤᠯᠤᠭᠰᠠᠨ ᠪᠠᠶᠢᠨ᠎ᠠ᠃      2019 ᠣᠨ ᠳᠤ ᠮᠠᠨ ᠤ ᠬᠤᠰᠢᠭᠤ ︽ᠦᠤᠰᠢᠨ ᠠᠳᠤᠭᠤ︾ ᠶᠢ ᠬᠠᠮᠠᠭᠠᠯᠠᠨ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠥᠩᠬᠦ ᠶᠢ ᠨᠡᠶᠢᠳᠡ 20 ᠲᠥᠮᠡᠨ ᠲᠦᠬᠦᠷᠢᠭ ᠪᠠᠭᠤᠯᠭᠠᠵᠦ ᠠᠳᠤᠭᠤ ᠮᠠᠯᠵᠢᠵᠦ ᠪᠠᠶᠢᠭ᠎ᠠ ᠮᠠᠯᠴᠢᠳ ᠲᠤ ᠬᠡᠬᠦᠤ ᠶᠢᠨ ᠲᠤᠭ᠎ᠠ ᠶᠢ ᠨᠢ ᠦᠨᠳᠤᠰᠤᠯᠡᠨ ᠠᠳᠠᠯᠢ ᠪᠤᠰᠤ ᠬᠡᠮᠵᠢᠶᠡᠨ ᠤ ᠲᠡᠳᠬᠦᠨ ᠲᠡᠮᠵᠢᠬᠦ ᠨᠥᠬᠦᠪᠦᠷᠢ ᠮᠥᠩᠬᠦ ᠶᠢ ᠣᠯᠭᠤᠵᠠᠢ᠃      ᠦᠤᠰᠢᠨ ᠬᠤᠰᠢᠭᠤᠨ ᠤ ᠡᠭᠦᠯᠳᠡᠷ ᠰᠠᠶᠢᠵᠢᠷᠠᠭᠤᠯᠬᠤ ᠦᠷᠲᠡᠭᠡᠨ ᠤ ᠠᠵᠢᠯᠲᠠᠨ ᠰᠡᠴᠡᠨᠪᠢᠯᠢᠭ᠄ ︽ᠮᠠᠨ ᠤ ᠬᠤᠰᠢᠭᠤᠨ ᠳᠤ ᠨᠡᠶᠢᠲᠡ ᠭᠤᠷᠪᠠᠨ ᠮᠢᠩᠭ᠎ᠠ ᠭᠠᠷᠤᠢ ᠦᠤᠰᠢᠨ ᠠᠳᠤᠭᠤ ᠪᠠᠶᠢᠨ᠎ᠠ᠃ ᠣᠳᠣ ᠮᠠᠯᠴᠢᠳ ᠤᠨ ᠢᠳᠡᠪᠬᠢᠵᠢᠯ ᠢ ᠳᠠᠶᠢᠴᠢᠯᠠᠵᠤ ᠦᠤᠰᠢᠨ ᠠᠳᠤᠭᠤᠨ ᠤ ᠡᠭᠦᠯᠳᠡᠷ ᠢ ᠬᠠᠮᠠᠭᠠᠯᠠᠬᠤ ᠡᠭᠦᠳᠡᠨ ᠠᠴᠠ 400 ᠭᠠᠷᠤᠢ ᠬᠡᠬᠦᠦ ᠳᠤ ᠨᠢᠭᠡᠨᠲᠡ ᠨᠦᠬᠦᠪᠦᠷᠢ ᠣᠯᠭᠤᠭᠰᠠᠨ ᠪᠠᠶᠢᠨ᠎ᠠ︾ ᠭᠡᠵᠤ ᠶᠠᠷᠢᠵᠤ ᠪᠠᠶᠢᠯ᠎ᠠ᠃      ︽ᠦᠤᠰᠢᠨ ᠠᠳᠤᠭᠤ︾ ᠳᠤ ᠡᠯᠧᠺᠲᠷᠤᠨ ᠲᠠᠩᠰᠠᠨ ᠡᠪᠬᠢᠮᠡᠯ ᠪᠠᠶᠢᠭᠤᠯᠤᠭᠰᠠᠨ ᠨᠢ ᠮᠠᠯᠴᠢᠳ ᠲᠤ ᠨᠥᠬᠦᠪᠦᠷᠢ ᠣᠯᠭᠤᠬᠤ ᠠᠵᠢᠯ ᠢ ᠣᠯᠠᠮ ᠨᠠᠷᠢᠯᠢᠭᠵᠢᠭᠤᠯᠵᠦ ︽ᠦᠤᠰᠢᠨ ᠠᠳᠤᠭᠤᠨ︾ ᠤ ᠴᠡᠪᠡᠷ ᠡᠬᠦᠯᠳᠡᠷ ᠢ ᠬᠠᠮᠠᠭᠠᠯᠠᠨ ᠪᠤᠶᠢᠵᠢᠭᠤᠯᠬᠤ ᠳᠤ ᠰᠢᠨᠵᠢᠯᠡᠬᠦ ᠣᠬᠠᠭᠠᠴᠢ ᠲᠦᠰᠦᠪ ᠲᠥᠯᠦᠪᠯᠡᠭᠡ ᠲᠤᠭᠳᠠᠭᠠᠬᠤ ᠪᠠ ᠠᠳᠤᠭᠤ ᠮᠠᠯᠵᠢᠬᠤ ᠢᠳᠡᠪᠬᠢᠵᠢᠯ ᠢ ᠲᠠᠶᠢᠴᠢᠯᠠᠬᠤ ᠵᠡᠷᠭᠡ ᠳᠤ ᠴᠦᠮ ᠠᠬᠢᠭᠤᠯᠬᠤ ᠦᠢᠯᠡᠳᠤᠯ ᠦᠵᠡᠬᠦᠯᠦᠭᠰᠡᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号