ᠪᠥᠭᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-19
     5 ᠰᠠᠷ᠎ᠠ ᠶᠢᠨ 16 ᠤ ᠡᠳᠦᠷ᠂ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠪᠠ᠃ ᠬᠤᠰᠢᠭᠤ  ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ  ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠰᠦᠨ ᠰᠢᠶᠤᠤ ᠴᠢᠶᠠᠩ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠽᠦᠸᠧ ᠴᠧᠨ ᠭᠤᠸᠠᠩ ᠵᠢᠴᠢ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ᠪᠦᠬᠦ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ  ᠤᠨ  ᠸᠢᠳᠢᠤ᠋ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠬᠤᠲᠠ ᠶᠢᠨ ᠠᠮᠢᠨ ᠬᠡᠷᠡᠭ ᠢ ᠰᠠᠷᠭᠡᠶᠢᠯᠠᠨ ᠡᠵᠡᠮᠳᠡᠬᠦ ᠲᠤᠰᠬᠠᠶ ᠵᠠᠰᠠᠯᠲᠠ   ᠶᠢᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ  ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠠᠴᠠ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠪᠣᠯᠤᠨ ᠪᠥᠬᠦ ᠬᠤᠰᠢᠭᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠮᠠᠨ ᠤ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠯᠤᠨ ᠠᠮᠢᠨ ᠬᠡᠷᠡᠭ ᠢ ᠰᠠᠷᠭᠡᠶᠢᠯᠠᠨ ᠡᠵᠡᠮᠳᠡᠬᠦ ᠪᠠᠶᠢᠳᠠᠯ ᠡᠭᠦᠷᠭᠡ ᠶᠢ ᠣᠨᠣᠪᠴᠢᠲᠠᠶ ᠡᠵᠡᠮᠳᠠᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠴᠣᠭᠴᠠᠯᠠᠬᠤ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠠᠴᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠭᠦᠢᠴᠡᠳᠬᠡᠵᠦ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠠᠮᠤᠷ ᠲᠦᠪᠰᠢᠨ ᠡᠶ᠎ᠡ ᠵᠤᠭᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠢ ᠪᠣᠶ ᠪᠤᠯᠭᠠᠬᠤ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠥᠷᠨᠢᠭᠦᠯᠬᠦ ᠠᠴᠢ ᠬᠤᠯᠪᠣᠭᠳᠠᠯ ᠢ ᠭᠦᠢᠴᠡᠳ ᠲᠠᠨᠢᠵᠤ ᠤᠯᠤᠰ ᠲᠥᠷᠥ ᠶᠢᠨ ᠵᠣᠭᠰᠣᠴᠠ ᠪᠠᠨ  ᠳᠡᠭᠡᠭᠰᠢᠯᠡᠭᠦᠯᠤᠨ ᠲᠤᠰᠬᠠᠶ ᠲᠡᠮᠡᠴᠡᠯ ᠥᠷᠨᠢᠭᠦᠯᠬᠦ  ᠶᠢ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠴᠢᠬᠤᠯᠠ ᠬᠡᠮᠵᠢᠭᠦᠷ ᠪᠤᠯᠭᠠᠨ   ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠭᠢᠭᠤᠯᠬᠤ ᠭᠡᠷᠡᠭᠳᠠᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠬᠦ ᠢᠳᠡᠭᠡᠯ ᠵᠤᠷᠢᠭ ᠢᠶᠠᠨ ᠪᠠᠳᠤᠳᠬᠠᠨ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠥᠷᠭᠡᠳᠬᠡᠵᠦ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠭᠤᠷᠠᠶ ᠪᠠᠶᠢᠬᠤ ᠠᠰᠠᠭᠤᠳᠠᠯ ᠢ ᠴᠡᠭᠴᠡᠯᠡᠨ ᠵᠠᠰᠠᠵᠤ  ᠥᠪᠡᠰᠦᠪᠡᠨ ᠪᠠᠶᠢᠴᠠᠭᠠᠬᠤ ᠪᠠ ᠬᠢᠨᠠᠨ ᠵᠢᠯᠣᠭᠤᠳᠴᠤ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠭᠢᠭᠦ ᠭᠡᠷᠡᠭᠳᠠᠢ᠃ ᠠᠮᠢᠨ ᠬᠡᠷᠡᠭ ᠢ ᠰᠠᠷᠭᠡᠶᠢᠯᠠᠨ ᠡᠵᠡᠮᠳᠠᠭᠦ ᠠᠵᠢᠯ ᠢ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠴᠢᠬᠤᠯᠠ ᠠᠭᠤᠯᠭ᠎ᠠ ᠪᠣᠯᠭᠠᠵᠤ ︽ᠠᠮᠢᠨ ᠬᠡᠷᠡᠭ ᠢ ᠰᠡᠷᠭᠡᠶᠢᠯᠡᠵᠦ ᠪᠣᠯᠬᠤ᠂ ᠠᠮᠢᠨ ᠬᠡᠷᠡᠭ ᠢ ᠵᠠᠪᠠᠯ ᠢᠯᠡᠷᠡᠭᠦᠯᠬᠦ︾ ᠴᠣᠬᠢᠯᠲᠠ ᠥᠭᠴᠦ ᠰᠡᠷᠭᠡᠶᠢᠯᠡᠬᠦ ᠶᠢ ᠨᠢᠭᠡ ᠴᠤᠭᠴᠠᠵᠢᠭᠤᠯᠤᠭᠰᠠᠨ ᠠᠵᠢᠯ  ᠤᠨ ᠤᠶᠢᠯᠠᠭᠠᠭᠳᠠᠬᠤᠨ ᠢ ᠪᠣᠶ ᠪᠣᠯᠭᠠᠨ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠦ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠰᠢᠨ᠎ᠡ ᠬᠤᠪᠢ ᠨᠡᠮᠡᠷᠢ ᠥᠵᠠᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号