ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠬᠤᠰᠢᠭᠤ ᠳᠠᠷᠤᠭ᠎ᠠ  ᠶᠢᠨ ᠠᠯᠪᠠᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-05-19
     5 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋ 2020 ᠣᠨ ᠤ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠣᠭᠤᠯᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠵᠢᠴᠢ ᠡᠯ᠎ᠡ ᠰᠣᠮᠣ ᠪᠠᠯᠭᠠᠰᠣ᠂ ᠵᠠᠰᠠᠭ ᠤᠨ ᠣᠷᠳᠣᠨ ᠤ ᠠᠯᠪᠠᠨ ᠬᠡᠷ᠂ ᠬᠦᠭᠵᠢᠬᠦᠯᠦᠯᠲᠡ ᠪᠠ ᠦᠬᠡᠷᠡᠴᠢᠯᠡᠯᠳᠡ ᠶᠢᠨ ᠵᠦᠪᠯᠡᠯ᠂ ᠣᠰᠣᠨ ᠠᠰᠢᠭᠯᠠᠯᠳᠠ ᠶᠢᠨ ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠣᠰᠣᠨ ᠠᠰᠢᠭᠯᠠᠯᠳᠠ᠂ ᠪᠡᠯᠴᠢᠬᠡᠷᠯᠡᠬᠦᠯᠬᠦ ᠶᠢ ᠬᠤᠷᠢᠭᠯᠠᠵᠦ ᠪᠡᠯᠴᠢᠬᠡᠷ ᠢ ᠰᠡᠷᠬᠦᠬᠡᠬᠦ ᠵᠡᠷᠬᠡ ᠠᠵᠢᠯ ᠤᠨ ᠳᠣᠬᠠᠢ ᠰᠣᠳᠣᠯᠣᠨ ᠪᠠᠶᠢᠷᠢᠯᠠᠭᠤᠯᠪᠠ᠃ ᠵᠣᠣ ᠹᠧᠢ ᠯᠣ᠋ ᠵᠢᠭᠠᠬᠤ ᠳᠤ ᠪᠠᠨ᠂ 2020 ᠣᠨ ᠤ ᠪᠦᠬᠦ ᠬᠤᠳᠠ ᠶᠢᠨ ᠣᠰᠣᠨ ᠠᠰᠢᠭᠯᠠᠯᠳᠠ ᠶᠢᠨ ᠪᠦᠲᠦᠬᠡᠨ ᠪᠠᠶᠢᠭᠤᠯᠣᠯᠳᠠ ᠶᠢᠨ ᠳᠣᠬᠠᠢ ᠶᠢᠨ ᠳᠠᠯᠠᠪᠠᠢ ᠶᠢᠨ ᠦᠵᠡᠬᠦᠯᠤᠯᠬᠡ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠣᠬᠤ ᠪᠠᠷ ᠪᠠᠶᠢᠨ᠎ᠠ᠂ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠨᠠᠷᠢᠯᠢᠭ ᠵᠣᠬᠢᠶᠠᠨ ᠪᠠᠶᠢᠭᠤᠯᠵᠦ ᠪᠦᠬᠦ ᠳᠠᠯ᠎ᠠ ᠶᠢᠨ ᠪᠡᠯᠡᠳᠭᠡᠯ ᠠᠵᠢᠯ ᠢ ᠰᠠᠶᠢᠨ ᠬᠢᠵᠦ ᠪᠣᠳᠠᠳᠠᠢ ᠲᠤᠭᠤᠰᠢᠯᠠᠭᠤᠯᠬᠤ ᠶᠢ ᠪᠠᠳᠣᠯᠠᠬᠤ ᠬᠡᠷᠡᠭᠲᠡᠢ᠃  ᠬᠤᠯᠪᠣᠭᠳᠠᠯ ᠪᠦᠬᠦᠢ ᠰᠣᠮᠣ ᠪᠠᠯᠭᠠᠰᠣ ᠬᠠᠷᠢᠶ᠎ᠠ ᠭᠠᠵᠠᠷ ᠤᠨ ᠬᠠᠮᠢᠶᠠᠷᠣᠯᠳᠠ ᠶᠢᠨ ᠵᠠᠷᠴᠢᠮ ᠶᠣᠰᠣᠭᠠᠷ ᠲᠦᠷᠦᠯ ᠵᠦᠢᠯ ᠤᠨ ᠪᠣᠳᠠᠳᠠᠢ ᠠᠬᠢᠯᠳᠠ ᠪᠠ ᠪᠦᠲᠦᠬᠡᠨ ᠪᠠᠶᠢᠭᠤᠯᠣᠯᠳᠠ ᠶᠢ ᠨᠢᠬᠡᠳᠦᠯᠳᠡᠢ ᠠᠳᠬᠤᠵᠦ ᠦᠵᠡᠬᠦᠯᠤᠯᠭᠡ ᠶᠢᠨ ᠳᠣᠬᠠᠢ ᠶᠢᠨ ᠴᠠᠭ ᠲᠤ ᠲᠦᠷᠦᠯ ᠵᠦᠢᠯ ᠤᠨ ᠣᠨᠴᠠᠯᠢᠭ ᠳᠣᠪᠣᠶᠢᠮ᠎ᠠ᠂ ᠠᠭᠤᠷ ᠠᠮᠢᠰᠬᠤᠯ ᠪᠢᠯᠬᠠᠮ᠎ᠠ᠂ ᠦᠵᠡᠮᠦᠷᠢ ᠲᠠᠢ ᠪᠠᠶᠢᠬᠤ ᠶᠢ ᠪᠠᠳᠣᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠦᠵᠡᠬᠦᠯᠤᠯᠭᠡ ᠶᠢᠨ ᠭᠠᠵᠠᠷ ᠤᠨ ᠣᠶᠢᠷ᠎ᠠ ᠬᠠᠪᠢ ᠶᠢᠨ ᠠᠷᠢᠭᠤᠨ ᠴᠡᠪᠡᠷ᠂ ᠡᠮᠬᠢ ᠲᠢᠭᠯᠢᠮ᠂ ᠨᠣᠭᠤᠭᠠᠷᠠᠭᠤᠯᠣᠯᠳᠠ᠂ ᠣᠷᠢᠶ᠎ᠠ ᠯᠤᠽᠥ᠋ᠩ ᠤᠨ ᠪᠠᠶᠢᠷᠢᠯᠠᠭᠤᠯᠣᠯᠲᠠ᠂ ᠵᠠᠮ ᠬᠠᠷᠢᠯᠴᠠᠭᠠᠨ ᠤ ᠰᠠᠭᠠᠳ ᠦᠬᠡᠢ ᠨᠡᠪᠳᠡᠷᠡᠬᠦ ᠵᠡᠷᠬᠡ ᠠᠵᠢᠯ ᠢ ᠪᠠᠳᠣᠯᠠᠵᠦ ᠦᠵᠡᠬᠦᠯᠤᠯᠭᠡ ᠶᠢᠨ ᠬᠤᠷᠠᠯ ᠠᠮᠵᠢᠯᠳᠠ  ᠲᠠᠢ ᠦᠨᠳᠦᠷᠯᠡᠬᠦ ᠶᠢ ᠪᠠᠳᠣᠯᠠᠬᠤ ᠬᠡᠷᠡᠭᠲᠡᠢ ᠬᠡᠪᠡ᠃      ᠵᠣᠣ ᠹᠧᠢ ᠯᠣ᠋᠂ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠪᠡᠯᠴᠢᠬᠡᠷᠯᠡᠬᠦᠯᠬᠦ ᠶᠢ ᠬᠤᠷᠢᠭᠯᠠᠬᠤ ᠠᠵᠢᠯ ᠢ ᠣᠯᠠᠮ ᠪᠠᠳᠣᠳᠠᠢ ᠬᠢᠵᠦ ᠪᠡᠯᠴᠢᠬᠡᠷᠯᠡᠬᠦᠯᠬᠦ ᠶᠢ ᠬᠤᠷᠢᠭᠯᠠᠬᠤ ᠬᠠᠮᠢᠶ᠎ᠠ ᠪᠦᠬᠦᠢ ᠬᠠᠣᠯᠢ ᠲᠦᠷᠢᠮ ᠪᠠ ᠬᠠᠰᠢᠶᠠᠯᠠᠨ ᠮᠠᠯᠵᠢᠬᠤ ᠬᠠᠮᠢᠶ᠎ᠠ ᠪᠦᠬᠦᠢ ᠰᠢᠨᠵᠢᠯᠡᠬᠦ ᠣᠬᠠᠭᠠᠨᠴᠢ ᠮᠡᠳᠡᠯᠬᠡ ᠶᠢ ᠦᠷᠬᠡᠨ ᠢᠶᠠᠷ ᠣᠬᠠᠭᠤᠯᠤᠨ ᠣᠯᠠᠨ ᠲᠦᠮᠡᠨ ᠤ ᠮᠠᠯᠵᠢᠬᠤ ᠠᠷᠭ᠎ᠠ ᠪᠠ ᠡᠵᠡᠩᠨᠡᠯᠳᠡ ᠶᠢᠨ ᠠᠷᠭ᠎ᠠ ᠪᠠᠨ ᠦᠬᠡᠷᠡᠴᠢᠯᠡᠬᠦ ᠶᠢ ᠬᠦᠲᠦᠯᠦᠨ ᠳᠠᠭᠠᠭᠤᠯᠵᠦ ᠪᠡᠯᠴᠢᠬᠡᠷᠯᠡᠬᠦᠯᠬᠦ  ᠶᠢ ᠬᠤᠷᠢᠭᠯᠠᠬᠤ ᠠᠵᠢᠯ ᠤᠨ ᠪᠣᠳᠠᠳᠠᠢ ᠪᠦᠲᠦᠮᠵᠢ ᠣᠯᠬᠤ ᠶᠢ ᠪᠠᠳᠣᠯᠠᠬᠤ ᠬᠡᠷᠡᠭᠲᠡᠢ ᠬᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠣᠰᠣᠳ ᠣᠴᠢᠷ ᠶᠠᠪᠣᠳᠠᠯ ᠢ ᠰᠣᠳᠣᠯᠣᠨ ᠶᠠᠷᠢᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号