ᠰᠢ ᠶᠢᠨ ᠫᠢᠩ ᠡᠮᠦᠨᠡᠳᠦ ᠠᠹᠷᠢᠺᠠ ᠶᠢᠨ ᠶᠡᠷᠦᠩᠭᠡᠶᠢᠯᠡᠭᠴᠢ ᠯᠠᠮᠠᠹᠦ᠋ᠰᠠ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-19
    ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 5 ᠰᠠᠷ᠎ᠠ ᠶᠢᠨ 15 ᠤ ᠤᠷᠤᠢ ᠡᠮᠦᠨᠡᠳᠦ ᠠᠹᠷᠢᠺᠠ ᠶᠢᠨ ᠶᠡᠷᠦᠩᠭᠡᠶᠢᠯᠡᠭᠴᠢ ᠯᠠᠮᠠᠹᠦ᠋ᠰᠠ ᠲᠠᠢ ᠤᠳᠠᠰᠤ ᠪᠠᠷ ᠶᠠᠷᠢᠯᠴᠠᠪᠠ᠃     ᠰᠢ ᠶᠢᠨ ᠫᠢᠩ᠂ ᠤᠳᠤᠬᠠᠨ ᠳᠤ ᠠᠹᠷᠢᠺᠠ ᠲᠢᠪ ᠤᠨ ᠬᠢᠵᠢᠭ ᠤᠨ ᠪᠠᠶᠢᠳᠠᠯ ᠲᠦᠷᠭᠡᠨ ᠦᠷᠪᠢᠰᠤᠨ ᠳᠡᠯᠭᠡᠷᠡᠵᠦ ᠪᠤᠢ᠃ ᠲᠠᠨ ᠤ ᠤᠳᠤᠷᠢᠳᠤᠯᠭ᠎ᠠ ᠳᠤᠤᠷ᠎ᠠ᠂ ᠡᠮᠦᠨᠡᠳᠦ ᠠᠹᠷᠢᠺᠠ ᠶᠢᠨ ᠵᠠᠰᠠᠭ ᠤᠨ ᠤᠷᠳᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠯᠢ ᠤᠯᠠᠨ ᠠᠷᠭ᠎ᠠ ᠭᠡᠮᠵᠢᠶ᠎ᠠ ᠠᠪᠴᠦ᠂ ᠢᠳᠡᠪᠬᠢᠳᠠᠢ ᠦᠷ᠎ᠠ ᠪᠦᠳᠦᠮᠵᠢ ᠤᠯᠵᠠᠢ᠃ ᠳᠤᠮᠳᠠᠳᠤ ᠶᠢᠨ ᠲᠠᠯ᠎ᠠ ᠦᠷᠬᠦᠯᠵᠢᠯᠡᠨ ᠡᠮᠦᠨᠡᠳᠦ ᠠᠹᠷᠢᠺᠠ ᠶᠢ ᠡᠷᠡᠰ ᠲᠡᠮᠵᠢᠬᠦ ᠶᠢᠨ ᠬᠠᠮᠳᠦ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠬᠦᠯᠵᠦ᠂ ᠬᠤᠶᠠᠷ ᠲᠠᠯ᠎ᠠ ᠶᠢᠨ ᠡᠮᠴᠢᠯᠡᠭᠡ ᠡᠷᠡᠬᠦᠯ ᠬᠠᠮᠠᠭᠠᠯᠠᠯ ᠤᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠳᠤᠮᠳᠠᠳᠤ ᠶᠢᠨ ᠲᠠᠯ᠎ᠠ ᠳᠤᠷᠠᠳᠠᠶ᠎ᠠ ᠡᠮᠦᠨᠡᠳᠦ ᠠᠹᠷᠢᠺᠠ ᠲᠠᠢ ᠬᠠᠮᠳᠦ ᠪᠠᠶᠢᠩᠭᠤ ᠶᠢᠨ ᠴᠢᠨᠠᠷᠳᠠᠢ ᠤᠯᠤᠯᠴᠠᠭ᠎ᠠ ᠪᠠᠨ ᠪᠠᠳᠤᠯᠠᠵᠦ᠂ ᠠᠯᠳᠠᠨ ᠲᠤᠭᠤᠰᠬ᠎ᠠ ᠤᠯᠤᠰ ᠤᠳ᠂ ᠬᠤᠷᠢᠨ ᠤᠯᠤᠰ ᠤᠨ ᠪᠦᠯᠦᠭᠯᠡᠯ᠂ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠵᠡᠷᠭᠡ ᠤᠯᠠᠨ ᠲᠠᠯᠠᠳᠦ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠨ᠂ ᠳᠤᠮᠳᠠᠳᠤ ᠤᠯᠤᠰ ᠡᠮᠦᠨᠡᠳᠦ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠬᠦᠨᠵᠡᠭᠡᠶᠢᠷᠡᠨ ᠬᠦᠭᠵᠢᠬᠦ ᠶᠢ ᠠᠬᠢᠭᠤᠯᠵᠦ᠂ ᠬᠤᠶᠠᠷ ᠤᠯᠤᠰ ᠪᠠ ᠬᠦᠭᠵᠢᠵᠦ ᠪᠠᠶᠢᠭ᠎ᠠ ᠤᠯᠤᠰ ᠤᠳ ᠤᠨ ᠦᠨᠳᠦᠰᠦᠨ ᠠᠰᠢᠬ ᠲᠤᠰᠠ ᠶᠢ ᠬᠠᠮᠳᠤ ᠪᠠᠷ ᠬᠠᠮᠠᠭᠠᠯᠠᠨ᠎ᠠ ᠭᠡᠵᠦ ᠵᠢᠭᠠᠵᠦ ᠭᠠᠷᠭᠠᠪᠠ᠃     ᠰᠢ ᠶᠢᠨ ᠫᠢᠩ᠂ ᠳᠤᠮᠳᠠᠳᠤ ᠠᠹᠷᠢᠺᠠ ᠶᠢᠨ ᠤᠯᠠᠮᠵᠢᠯᠠᠯᠳᠦ ᠨᠦᠬᠦᠷᠯᠡᠯ ᠬᠦᠨ ᠵᠤᠵᠠᠭᠠᠨ᠂ ᠬᠤᠶᠠᠷ ᠲᠠᠯ᠎ᠠ ᠪᠠᠷ ᠢᠶᠠᠨ ᠬᠠᠷᠢᠯᠴᠠᠨ ᠢᠳᠡᠭᠡᠯᠴᠡᠭᠰᠡᠨ ᠰᠠᠶᠢᠨ ᠨᠠᠶᠢᠵᠠ᠂ ᠰᠠᠶᠢᠨ ᠬᠠᠨᠢᠳᠠᠨ᠂ ᠰᠠᠶᠢᠨ ᠠᠬ᠎ᠠ ᠳᠡᠬᠦᠦ ᠪᠤᠯᠤᠨ᠎ᠠ ᠃ ᠳᠤᠮᠳᠠᠳᠤ ᠶᠢᠨ ᠲᠠᠯ᠎ᠠ ᠠᠹᠷᠢᠺᠠ ᠲᠢᠪ ᠤᠨ ᠤᠯᠤᠰ ᠤᠳ ᠲᠤ ᠲᠤᠯᠭᠠᠷᠠᠵᠦ ᠪᠠᠶᠢᠭ᠎ᠠ ᠬᠢᠵᠢᠭ ᠤᠨ ᠪᠠᠶᠢᠳᠠᠯ ᠪᠠ ᠠᠵᠤ ᠠᠬᠤᠢ ᠤᠷᠤᠭᠤᠳᠠᠬᠤ ᠬᠤᠤᠰ ᠳᠠᠷᠤᠯᠳᠠ ᠶᠢ ᠪᠡᠶ᠎ᠠ ᠪᠠᠷ ᠢᠶᠠᠨ ᠦᠩᠭᠡᠷᠡᠬᠦᠯᠦᠭᠰᠡᠨ ᠰᠢᠭ ᠤᠢᠢᠯᠠᠭᠠᠵᠦ᠂ ᠦᠪᠡᠷ ᠢᠶᠠᠨ ᠯᠤᠳᠤ ᠶᠡᠭᠡ ᠬᠢᠵᠢᠭ ᠲᠠᠢ ᠲᠡᠮᠡᠴᠡᠬᠦ ᠲᠠᠷᠤᠯᠳᠠ ᠳᠤ ᠲᠤᠯᠭᠠᠷᠠᠵᠦ ᠪᠠᠶᠢᠬᠤ ᠪᠠᠶᠢᠳᠠᠯ ᠳᠤᠤᠷ᠎ᠠ᠂ ᠤᠯᠠᠨ ᠤᠳᠠᠭ᠎ᠠ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠪᠠ ᠠᠹᠷᠢᠺᠠ ᠲᠢᠪ ᠤᠨ ᠤᠯᠤᠰ ᠤᠳ ᠲᠤ ᠶᠡᠭᠡ ᠭᠡᠮᠵᠢᠶᠠᠨ ᠤ ᠬᠢᠵᠢᠭ ᠲᠠᠢ ᠲᠡᠮᠡᠴᠡᠬᠦ ᠡᠳ᠋ ᠪᠤᠳᠠᠰ ᠬᠠᠩᠭᠠᠨ᠂ ᠠᠹᠷᠢᠺᠠ ᠲᠢᠪ ᠤᠨ ᠤᠯᠤᠰ ᠤᠳ ᠲᠤ ᠢᠳᠡᠪᠬᠢᠳᠠᠢ ᠪᠠᠷ ᠡᠮᠴᠢᠯᠡᠭᠡᠨ ᠤ ᠲᠤᠰᠬᠠᠢ ᠮᠡᠷᠭᠡᠵᠢᠯᠳᠠᠨ ᠤ ᠲᠤᠭᠤᠢᠢᠯᠠᠩ ᠲᠤᠮᠢᠯᠠᠵᠦ᠂ ᠠᠹᠷᠢᠺᠠ ᠶᠢᠨ ᠲᠠᠯ᠎ᠠ ᠶᠢᠨ ᠲᠤᠰᠬᠠᠢ ᠮᠡᠷᠭᠡᠵᠢᠯᠳᠠᠨ ᠯᠦᠭᠡ ᠸᠢᠳᠢᠣ᠋ ᠬᠤᠷᠠᠯ ᠬᠢᠵᠦ᠂ ᠤᠨᠤᠰᠢᠯᠠᠨ ᠡᠮᠴᠢᠯᠡᠬᠦ ᠮᠡᠷᠭᠡᠵᠢᠯ ᠢᠶᠠᠨ ᠤᠬᠳᠤ ᠨᠢᠭᠤᠯ ᠦᠭᠡᠢ ᠰᠤᠯᠢᠯᠴᠠᠪᠠ᠃     ᠳᠤᠮᠳᠠᠳᠤ ᠶᠢᠨ ᠲᠠᠯ᠎ᠠ ᠳᠡᠯᠡᠭᠡᠢ ᠨᠡᠶᠢᠭᠡᠮ ᠢᠶᠠᠷ ᠢᠶᠠᠨ ᠠᠹᠷᠢᠺᠠ ᠲᠢᠪ ᠲᠠᠬᠢ ᠬᠢᠵᠢᠭ ᠲᠠᠢ ᠲᠡᠮᠡᠴᠡᠬᠦ ᠳᠡᠮᠵᠢᠯᠭᠡ ᠪᠠᠨ ᠴᠢᠩᠭᠠᠳᠬᠠᠬᠤ ᠶᠢ ᠬᠦᠰᠡᠨ ᠱᠠᠭᠠᠷᠳᠠᠬᠤ ᠶᠢᠨ ᠬᠠᠮᠳᠦ ᠬᠤᠷᠢᠨ ᠤᠯᠤᠰ ᠤᠨ ᠪᠦᠯᠦᠭᠯᠡᠯ ᠤᠨ ︽ᠦᠷᠢ ᠦᠭᠴᠡᠭᠡ ᠪᠠᠨ ᠪᠤᠴᠠᠭᠠᠬᠤ ᠬᠤᠭᠤᠴᠠᠭ᠎ᠠ ᠶᠢ ᠤᠷᠳᠤᠳᠬᠠᠬᠤ ᠰᠠᠨᠠᠭᠠᠴᠢᠯᠠᠭ᠎ᠠ︾ ᠳᠤ ᠢᠳᠡᠪᠬᠢᠳᠠᠢ ᠤᠷᠤᠯᠴᠠᠪᠠ᠃ ᠤᠳᠤᠬᠠᠨ ᠤ ᠪᠠᠶᠢᠳᠠᠯ ᠳᠤᠤᠷ᠎ᠠ᠂ ᠳᠤᠮᠳᠠᠳᠤ ᠤᠯᠤᠰ ᠪᠠ ᠠᠹᠷᠢᠺᠠ ᠲᠢᠪ ᠦᠩᠭᠡᠷᠡᠭᠰᠡᠨ ᠤ ᠠᠯᠢ ᠴᠦ ᠦᠶ᠎ᠡ ᠠᠴᠠ ᠢᠯᠡᠬᠦᠦ ᠬᠤᠪᠢ ᠵᠠᠶᠠᠭ᠎ᠠ ᠪᠠᠨ ᠬᠠᠮᠳᠤᠳᠬᠠᠵᠦ᠂ ᠪᠦᠯᠬᠦᠮᠳᠡᠨ ᠨᠢᠬᠳᠠᠷᠠᠵᠦ ᠬᠢᠵᠢᠭ ᠲᠠᠢ ᠲᠡᠮᠡᠴᠡᠨ᠂ ᠴᠠᠭ ᠤᠨ ᠪᠡᠷᠭᠡ ᠶᠢ ᠬᠠᠮᠳᠤ ᠪᠠᠷ ᠲᠤᠭᠤᠯᠬᠤ ᠴᠢᠬᠤᠯᠠᠳᠠᠢ ᠪᠠᠶᠢᠨ᠎ᠠ᠃ ᠳᠤᠮᠳᠠᠳᠤ ᠶᠢᠨ ᠲᠠᠯ᠎ᠠ ᠦᠷᠬᠦᠯᠵᠢᠯᠡᠨ ᠠᠹᠷᠢᠺᠠ ᠲᠢᠪ ᠤᠨ ᠠᠬ᠎ᠠ ᠳᠡᠬᠦᠦ ᠡᠭᠡᠴᠢ ᠦᠬᠢᠨ ᠳᠡᠬᠦᠦ ᠨᠠᠷ ᠲᠠᠢ ᠡᠷᠡᠰ ᠢᠶᠠᠷ ᠬᠠᠮᠳᠤ ᠵᠤᠬᠰᠤᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠪᠠ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠳᠤᠮᠳᠠ ᠢᠳᠡᠪᠬᠢᠳᠠᠢ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠪᠡᠯ ᠵᠤᠬᠢᠨ᠎ᠠ᠃ ᠳᠤᠮᠳᠠᠳᠤ ᠶᠢᠨ ᠲᠠᠯ᠎ᠠ ᠳᠤᠷᠠᠳᠠᠶ᠎ᠠ ᠠᠹᠷᠢᠺᠠ ᠶᠢᠨ ᠬᠢᠨ ᠲᠠᠢ ᠬᠠᠮᠳᠤ ᠪᠠᠷ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠵᠠᠢ᠃     ᠯᠠᠮᠠᠹᠦ᠋ᠰᠠ᠂ ᠡᠮᠦᠨᠡᠳᠦ ᠠᠹᠷᠢᠺᠠ ᠳᠤᠮᠳᠠᠳᠤ ᠬᠤᠶᠠᠷ ᠤᠯᠤᠰ ᠮᠠᠰᠢ ᠤᠯᠠᠨ ᠠᠰᠠᠭᠤᠳᠠᠯ ᠤᠨ ᠲᠠᠯ᠎ᠠ ᠪᠠᠷ ᠬᠠᠮᠳᠦ ᠶᠢᠨ ᠲᠠᠨᠢᠯᠳᠠ ᠲᠠᠢ ᠪᠠᠶᠢᠭ᠎ᠠ ᠶᠤᠮ᠂ ᠬᠤᠶᠠᠷ ᠲᠠᠯ᠎ᠠ ᠶᠢᠨ ᠬᠠᠷᠢᠯᠴᠠᠭ᠎ᠠ ᠪᠠᠬᠢᠵᠢᠭᠦᠨ ᠰᠠᠶᠢᠨ ᠪᠠᠶᠢᠨ᠎ᠠ᠃ ᠡᠮᠦᠨᠡᠳᠦ ᠠᠹᠷᠢᠺᠠ ᠶᠢᠨ ᠬᠢᠨ ᠲᠠᠶᠢᠸᠠᠨ ᠤ ᠠᠰᠠᠭᠤᠳᠠᠯ ᠵᠡᠷᠭᠡ ᠳᠤᠮᠳᠠᠳᠤ ᠤᠯᠤᠰ ᠤᠨ ᠭᠤᠤᠯᠯᠠᠬᠴᠢ ᠠᠰᠢᠬ ᠲᠤᠰᠠ ᠳᠤ ᠬᠤᠯᠪᠤᠭᠳᠠᠬᠤ ᠠᠰᠠᠭᠤᠳᠠᠯ ᠤᠨ ᠲᠤᠬᠠᠢ ᠲᠤᠮᠳᠠᠳᠤ ᠤᠯᠤᠰ ᠤᠨ ᠵᠤᠬᠰᠤᠯᠳᠠ ᠶᠢ ᠳᠡᠮᠵᠢᠵᠦ᠂ ᠳᠤᠷᠠᠳᠠᠶ᠎ᠠ ᠳᠤᠮᠳᠠᠳᠤ ᠤᠯᠤᠰ ᠯᠤᠭ᠎ᠠ ᠨᠢᠬᠳᠠ ᠬᠠᠮᠵᠢᠯᠴᠠᠨ᠂ ᠬᠤᠶᠠᠷ ᠲᠠᠯ᠎ᠠ ᠶᠢᠨ ᠬᠠᠮᠳᠦ ᠶᠢᠨ ᠠᠰᠢᠬ ᠲᠤᠰᠠ ᠶᠢ ᠬᠠᠮᠠᠭᠠᠯᠠᠨ᠎ᠠ᠃ ᠳᠤᠮᠳᠠᠳᠤ ᠶᠢᠨ ᠲᠠᠯ᠎ᠠ ᠠᠴᠠ ᠠᠹᠷᠢᠺᠠ ᠲᠢᠪ ᠤᠨ ᠤᠯᠤᠰ ᠤᠳ ᠲᠤ ᠦᠷᠬᠦᠯᠵᠢᠯᠡᠨ ᠬᠤᠪᠤᠷ ᠨᠠᠨᠳᠢᠨ ᠬᠠᠪᠰᠤᠷᠤᠯᠭ᠎ᠠ ᠪᠠ ᠳᠡᠮᠵᠢᠯᠭᠡ ᠦᠵᠡᠬᠦᠯᠦᠭᠰᠡᠨ ᠳᠤ ᠳᠠᠯᠠᠷᠬᠠᠵᠦ ᠪᠠᠶᠢᠨ᠎ᠠ᠂ ᠳᠤᠮᠳᠠᠳᠤ ᠤᠯᠤᠰ ᠪᠤᠯ ᠡᠮᠦᠨᠡᠳᠦ ᠠᠹᠷᠢᠺᠠ ᠪᠠ ᠠᠹᠷᠢᠺᠠ ᠲᠢᠪ ᠤᠨ ᠤᠯᠤᠰ ᠤᠳ ᠤᠨ ᠵᠢᠩᠬᠢᠨᠢ ᠨᠡᠶᠢᠵᠠ ᠪᠠ ᠬᠦᠴᠢᠷᠳᠡᠯ ᠦᠷᠢᠰᠦᠯᠳᠦᠭᠡᠨ ᠳᠤ ᠲᠤᠯᠭᠠᠷᠠᠬᠤ ᠦᠶ᠎ᠠ ᠳᠤ ᠨᠠᠶᠢᠳᠠᠵᠦ ᠪᠤᠯᠬᠤ ᠬᠠᠨᠢᠳᠠᠨ ᠮᠦᠨ᠃ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠪᠠ ᠠᠹᠷᠢᠺᠠ ᠲᠢᠪ ᠤᠨ ᠤᠯᠤᠰ ᠤᠳ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠪᠠ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠡᠷᠡᠰ ᠳᠡᠮᠵᠢᠵᠦ᠂ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠳᠤ ᠢᠳᠡᠪᠬᠢᠳᠠᠢ ᠦᠢᠯᠡᠳᠦᠯ ᠢᠶᠠᠨ ᠦᠵᠡᠬᠦᠯᠦᠨ᠎ᠠ ᠭᠡᠵᠦ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号