ᠰᠢ ᠶᠢᠨ ᠫᠢᠩ ᠬᠠᠩᠭᠠᠷᠢ ᠶᠢᠨ ᠶᠡᠷᠤᠩᠬᠡᠢ ᠰᠠᠶᠢᠳ ᠡᠸᠦ᠋ᠷᠪᠠᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-19
   ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 5 ᠰᠠᠷ᠎ᠠ ᠶᠢᠨ 15 ᠤ ᠤᠷᠤᠢ ᠬᠠᠩᠭᠠᠷᠢ ᠶᠢᠨ ᠶᠡᠷᠤᠩᠬᠡᠢ ᠰᠠᠶᠢᠳ ᠡᠸᠦ᠋ᠷᠪᠠᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠬᠠᠮᠳᠤ ᠪᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠵᠥ ᠪᠠᠶᠢᠭ᠎ᠠ ᠤᠨᠴᠠᠭᠠᠢ ᠴᠠᠭ ᠦᠶ᠎ᠡ ᠳᠤ᠂ ᠲᠤᠮᠳᠠᠳᠤ ᠬᠠᠩᠭᠠᠷᠢ ᠬᠤᠶᠠᠷ ᠤᠯᠤᠰ ᠤᠨ ᠠᠷᠠᠳ ᠲᠦᠮᠡᠨ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠪᠠ᠃ ᠲᠤᠮᠳᠠᠳᠤ ᠤᠯᠤᠰ ᠬᠠᠩᠭᠠᠷᠢ ᠶᠢᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠬᠢᠵᠢᠭ ᠲᠠᠢ ᠲᠡᠮᠡᠴᠡᠭᠰᠡᠡ ᠴᠢᠷᠮᠡᠶᠢᠯᠭ᠎ᠠ ᠶᠢ ᠡᠷᠡᠰ ᠲᠡᠮᠵᠢᠵᠥ᠂ ᠬᠠᠩᠭᠠᠷᠢ ᠶᠢᠨ ᠬᠢᠨ ᠳᠤ ᠠᠯᠢ ᠴᠢᠳᠠᠬᠤ ᠪᠠᠷ ᠦᠷᠬᠦᠯᠵᠢᠯᠡᠨ ᠬᠠᠪᠰᠤᠷᠤᠯᠭ᠎ᠠ ᠬᠠᠩᠭᠠᠨ᠎ᠠ᠃ ᠲᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠬᠦᠴᠦᠷᠬᠡᠭᠵᠢᠬᠦ ᠪᠠᠷ ᠬᠦᠴᠦᠯᠡᠨ ᠲᠡᠮᠡᠴᠡᠵᠥ ᠪᠠᠶᠢᠭ᠎ᠠ ᠬᠠᠩᠭᠠᠷᠢ ᠶᠢᠨ ᠠᠷᠠᠳ ᠲᠦᠮᠡᠨ ᠬᠢᠵᠢᠭ ᠤᠨ ᠪᠠᠶᠢᠳᠠᠯ ᠢ ᠡᠷᠳᠡᠬᠡᠨ ᠢᠯᠡᠨ ᠲᠠᠪᠠᠨ᠎ᠠ ᠬᠡᠳᠡᠭ ᠢ ᠪᠢ ᠢᠳᠡᠬᠡᠵᠥ ᠪᠠᠶᠢᠨ᠎ᠠ ᠃ ᠲᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠤᠯᠤᠨ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠬᠢᠨ ᠤ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠶᠢᠨ ᠲᠡᠯ᠎ᠡ ᠪᠠᠷ ᠦᠵᠡᠬᠦᠯᠪᠡᠰᠦ ᠵᠤᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠡᠷᠡᠰ ᠲᠡᠮᠵᠢᠵᠥ᠂ ᠬᠠᠩᠭᠠᠷᠢ ᠶᠢ ᠪᠠᠭᠳᠠᠭᠠᠭᠰᠠᠠ ᠲᠡᠯᠡᠬᠡᠢ ᠶᠢᠨ ᠡᠯ᠎ᠡ ᠤᠯᠤᠰ ᠯᠤᠭ᠎ᠠ ᠬᠤᠯᠪᠤᠭᠠᠯᠠᠨ ᠰᠡᠷᠬᠡᠶᠢᠯᠡᠵᠥ ᠬᠤᠯᠪᠤᠭᠠᠯᠠᠨ ᠡᠵᠡᠮᠳᠡᠬᠦ ᠬᠠᠮᠳᠤᠷᠠᠯᠴᠠᠭ᠎ᠠ ᠶᠢ ᠪᠦᠳᠦᠮᠵᠢᠳᠡᠢ ᠦᠷᠨᠢᠬᠦᠯᠵᠥ᠂ ᠬᠢᠵᠢᠭ ᠤᠨ ᠪᠠᠶᠢᠳᠠᠯ ᠦᠷᠪᠢᠰᠦᠨ ᠲᠡᠯᠬᠡᠷᠡᠬᠦ ᠶᠢ ᠡᠷᠡᠰ ᠬᠤᠷᠢᠬᠯᠠᠬᠤ ᠶᠢᠨ ᠬᠠᠮᠳᠤ ᠬᠤᠷᠸ᠎ᠠ ᠠᠵᠥ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠᠨ ᠴᠢᠩᠭᠠᠳᠬᠠᠵᠥ᠂ ᠬᠢᠵᠢᠭ ᠤᠨ ᠪᠠᠶᠢᠳᠠᠯ ᠠᠴᠠ ᠲᠡᠯᠡᠬᠡᠢ ᠶᠢᠨ ᠠᠵᠥ ᠠᠬᠤᠢ ᠳᠤ ᠤᠴᠠᠷᠠᠭᠤᠯᠤᠬᠰᠠᠨ ᠦᠷᠢᠰᠦᠯᠳᠦᠬᠡᠨ ᠢ ᠬᠠᠮᠳᠤ ᠪᠠᠷ ᠠᠷᠭᠠᠴᠠᠭᠠᠨ᠎ᠠ ᠬᠡᠵᠥ ᠴᠢᠬᠤᠯᠠᠴᠢᠯᠠᠪᠠ᠃    ᠰᠢ ᠶᠢᠨ ᠫᠢᠩ᠂ ᠬᠢᠵᠢᠭ ᠤᠨ ᠪᠠᠶᠢᠳᠠᠯ ᠲᠠᠢ ᠬᠠᠮᠳᠤ ᠪᠠᠷ ᠲᠡᠮᠡᠴᠡᠬᠦ ᠰᠢᠯᠭᠠᠯᠳᠠ ᠶᠢ ᠦᠩᠬᠡᠷᠡᠬᠡᠬᠡᠳ᠂ ᠲᠤᠮᠳᠠᠳᠤ ᠬᠠᠩᠭᠠᠷᠢ ᠶᠢᠨ ᠤᠯᠠᠮᠵᠢᠯᠠᠯᠳᠤ ᠨᠦᠬᠦᠷᠯᠡᠯ ᠤᠯᠠᠮ ᠪᠡᠳᠤᠵᠢᠵᠦ᠂ ᠬᠠᠮᠳᠤᠷᠠᠯᠴᠠᠭᠠᠨ ᠤ ᠢᠷᠡᠬᠡᠳᠤᠢ ᠤᠯᠠᠮ ᠰᠠᠷᠠᠭᠤᠯᠵᠢᠬᠤ ᠪᠤᠯᠤᠨ᠎ᠠ᠃ ᠬᠤᠶᠠᠷ ᠲᠠᠯ᠎ᠡ ᠪᠠᠷ ᠢᠶᠠᠨ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ ᠬᠤᠶᠠᠷ ᠲᠠᠯ᠎ᠡ ᠶᠢᠨ ᠬᠠᠷᠢᠯᠴᠠᠭ᠎ᠠ ᠪᠠᠨ ᠬᠦᠭᠵᠢᠬᠦᠯᠬᠦ ᠶᠢ ᠢᠳᠡᠪᠬᠢᠳᠠᠢ ᠲᠦᠯᠦᠪᠯᠡᠵᠤ᠂ ᠲᠡᠭᠡᠳᠤ ᠲᠠᠪᠬᠤᠷᠭ᠎ᠠ ᠶᠢᠨ ᠶᠠᠪᠤᠯᠴᠠᠭ᠎ᠠ ᠪᠠᠨ ᠪᠠᠳᠤᠯᠠᠵᠤ᠂ ᠠᠵᠤ ᠠᠬᠤᠢ ᠠᠷᠠᠯᠵᠢᠶ᠎ᠡ᠂ ᠪᠡᠯᠡ ᠤᠷᠤᠭᠤᠯᠤᠯᠳᠠ ᠵᠡᠷᠭᠡ ᠤᠯᠠᠮᠵᠢᠯᠠᠯᠳᠤ ᠬᠦᠷᠢᠶᠠᠨ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠤᠭᠠᠴᠢᠯᠠᠬᠰᠡᠨ ᠠᠵᠤ ᠠᠬᠤᠢ᠂ ᠵᠤᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠬᠦᠷᠢᠶᠠᠨ ᠳᠠᠬᠢ ᠬᠠᠮᠳᠤᠷᠠᠯᠴᠠᠭ᠎ᠠ ᠪᠠᠨ ᠢᠳᠡᠪᠬᠢᠳᠠᠢ ᠰᠦᠪᠡᠭᠴᠢᠯᠡᠵᠤ᠂ ᠰᠤᠶᠤᠯ ᠢᠷᠭᠡᠨᠰᠢᠯ ᠤᠨ ᠰᠤᠯᠢᠯᠴᠠᠭ᠎ᠠ ᠪᠠᠨ ᠠᠬᠢᠭᠤᠯᠤᠶ᠎ᠡ᠃ ᠪᠢ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ ᠲᠠᠨ ᠲᠠᠢ ᠡᠷᠳᠡᠭᠡᠨ ᠠᠭᠤᠯᠵᠠᠵᠤ᠂ ᠲᠤᠮᠳᠠᠳᠤ ᠬᠠᠨᠭ᠍ᠭᠠᠷᠢ ᠶᠢᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠤᠯᠤᠨ ᠲᠤᠮᠳᠠᠳᠤ ᠤᠯᠤᠰ — ᠲᠤᠮᠳᠠ ᠵᠡᠬᠦᠨ ᠡᠸᠦ᠋ᠷᠦᠫᠠ ᠶᠢᠨ ᠤᠯᠤᠰ ᠤᠳ ᠯᠤᠭ᠎ᠠ ᠶᠢᠨ ᠬᠠᠮᠳᠤᠷᠠᠯᠴᠠᠭ᠎ᠠ ᠶᠢ ᠨᠡᠩ ᠦᠨᠳᠤᠷ ᠲᠦᠪᠰᠢᠨ ᠳᠤ ᠬᠦᠷᠭᠡᠬᠦ ᠶᠢ ᠬᠦᠰᠡᠵᠤ ᠪᠠᠶᠢᠨ᠎ᠡ ᠭᠡᠵᠤ ᠵᠢᠭᠠᠵᠤ ᠭᠠᠷᠭᠠᠪᠠ᠃    ᠡᠸᠦ᠋ᠷᠪᠠᠨ᠂ ᠲᠤᠮᠳᠠᠳᠤ ᠤᠯᠤᠰ ᠤᠨ ᠠᠷᠠᠳ ᠲᠦᠮᠡᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠲᠠᠮᠵᠢᠵᠤ ᠂ ᠬᠢᠵᠢᠭ ᠤᠨ ᠪᠠᠶᠢᠳᠠᠯ ᠢ ᠠᠮᠵᠢᠯᠳᠠᠳᠠᠢ ᠡᠵᠡᠮᠳᠡᠪᠠ᠂ ᠪᠢ ᠡᠬᠦᠨ ᠳᠤ ᠪᠠᠶᠠᠷ ᠬᠦ᠋ᠷᠭᠡᠵᠤ ᠪᠠᠶᠢᠬᠤ ᠪᠠᠨ ᠢᠯᠡᠳᠭᠡᠵᠤ ᠪᠠᠶᠢᠨ᠎ᠡ᠃ ᠬᠠᠨᠭ᠍ᠭᠠᠷᠢ ᠶᠢᠨ ᠬᠢᠨ ᠤ ᠬᠢᠵᠢᠭ ᠲᠠᠢ ᠲᠡᠮᠡᠴᠡᠬᠦ ᠠᠵᠢᠯ ᠳᠤ ᠲᠤᠮᠳᠠᠳᠤ ᠤᠯᠤᠰ ᠴᠠᠭ ᠲᠤᠬᠠᠢ ᠳᠤᠨᠢ ᠪᠠᠴᠢᠮ ᠭᠡᠷᠡᠭᠴᠡᠭᠡᠨ ᠤ ᠡᠮᠴᠢᠯᠡᠭᠡᠨ ᠤ ᠬᠠᠮᠠᠭᠠᠯᠠᠯᠳᠠ ᠶᠢᠨ ᠡᠳ᠋ ᠪᠤᠳᠠᠰ ᠵᠡᠷᠭᠡ ᠲᠡᠯ᠎ᠡ ᠶᠢᠨ ᠲᠡᠮᠵᠢᠯᠭᠡ ᠦᠵᠡᠬᠦᠯᠥᠭᠰᠡᠡ ᠢ ᠬᠠᠨᠭ᠍ᠭᠠᠷᠢ ᠶᠢᠨ ᠠᠷᠠᠳ ᠲᠦᠮᠡᠨ ᠮᠠᠷᠳᠠᠬᠤ ᠦᠭᠡᠢ ᠶᠤᠮ᠂ ᠡᠬᠦᠨ ᠳᠤ᠂ ᠬᠦᠨ ᠲᠠᠯᠠᠷᠬᠠᠵᠤ ᠪᠠᠶᠢᠬᠤ ᠪᠠᠨ ᠢᠯᠡᠳᠭᠡᠵᠤ ᠪᠠᠶᠢᠨ᠎ᠡ᠃ ᠬᠠᠨᠭ᠍ᠭᠠᠷᠢ ᠶᠢᠨ ᠬᠢᠨ ᠢᠮᠠᠬᠳᠠ ᠨᠢᠭᠡ ᠲᠤᠮᠳᠠᠳᠤ ᠤᠯᠤᠰ ᠪᠠᠶᠢᠬᠤ ᠲᠦᠷᠤ ᠶᠢᠨ ᠪᠤᠳᠤᠯᠭ᠎ᠠ ᠶᠢ ᠡᠷᠡᠰ ᠪᠠᠷᠢᠮᠳᠠᠯᠠᠨ᠎ᠠ᠃ ᠬᠠᠨᠭ᠍ᠭᠠᠷᠢ ᠲᠤᠮᠳᠠᠳᠤ ᠬᠤᠶᠠᠷ ᠲᠠᠯ᠎ᠡ ᠪᠠᠷ ᠢᠶᠠᠨ ᠲᠡᠭᠡᠳᠤ ᠮᠡᠷᠭᠡᠵᠢᠯ ᠤᠨ ᠬᠦᠷᠢᠶᠠᠨ ᠳᠤ ᠰᠠᠶᠢᠨ ᠰᠠᠶᠢᠬᠠᠨ ᠬᠠᠮᠳᠤᠷᠠᠯᠴᠠᠭ᠎ᠠ ᠦᠷᠨᠢᠬᠦᠯᠵᠤ᠂ ᠬᠠᠨᠭ᠍ᠭᠠᠷᠢ ᠶᠢᠨ ᠠᠵᠤ ᠠᠬᠤᠢ ᠶᠢᠨ ᠬᠦᠭᠵᠢᠯᠳᠠ ᠶᠢ ᠠᠬᠢᠭᠤᠯᠪᠠ᠃ ᠬᠠᠨᠭ᠍ᠭᠠᠷᠢ ᠶᠢᠨ ᠬᠢᠨ ᠲᠤᠷᠠᠳᠠᠶ᠎ᠡ ᠲᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶ᠎ᠡ ᠂ ᠮᠦᠡᠭᠭᠦᠨ ᠬᠦᠢᠯᠭᠡᠭᠡ ᠵᠡᠷᠭᠡ ᠬᠦᠷᠢᠶᠠᠨ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ — ᠲᠤᠮᠳᠠᠳᠤ ᠤᠯᠤᠰ ᠤᠨ ᠬᠠᠮᠳᠤᠷᠠᠯᠴᠠᠭ᠎ᠠ ᠶᠢ ᠦᠡᠭᠭᠡᠷᠡᠭᠰᠡᠨ ᠲᠠᠢ ᠠᠳᠠᠯᠢ ᠪᠠᠷ ᠲᠠᠮᠵᠢᠬᠦ ᠪᠦᠭᠡᠳ ᠤᠷᠤᠯᠴᠠᠨ᠎ᠡ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号