ᠮᠠᠨ ᠤ ᠬᠤᠰᠢᠭᠤ ︽ᠲᠡᠯᠡᠬᠡᠢ ᠶᠢᠨ ᠮᠦᠽᠧᠢ ᠶᠢᠨ ᠡᠳᠦᠷ︾ ᠤᠨ ᠭᠤᠤᠯ ᠰᠡᠲᠤᠪᠲᠤ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020-05-19
     ᠮᠠᠨ ᠤ ᠬᠤᠰᠢᠭᠤ ︽ᠲᠡᠯᠡᠬᠡᠢ ᠶᠢᠨ ᠮᠦᠽᠧᠢ ᠶᠢᠨ ᠡᠳᠦᠷ︾ ᠤᠨ ᠭᠤᠤᠯ ᠰᠡᠲᠤᠪᠲᠤ ᠰᠢᠷᠢᠰ ᠠᠵᠢᠯᠯᠠᠭ᠎ᠠ ᠦᠷᠨᠢᠬᠦᠯᠵᠦ ᠲᠡᠯᠡᠬᠡᠢ ᠶᠢᠨ ᠮᠦᠽᠧᠢ ᠶᠢᠨ ᠡᠳᠦᠷ ᠢ ᠤᠳᠬ᠎ᠠ ᠲᠡᠭᠦᠯᠳᠡᠷ ᠲᠡᠮᠲᠡᠭᠯᠡᠯ᠎ᠡ᠃      ᠲᠤᠰ ᠤᠳᠠᠭᠠᠨ ᠤ ᠠᠵᠢᠯᠯᠠᠭ᠎ᠠ ᠶᠢ ᠬᠤᠰᠢᠭᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ ᠠᠴᠠ ᠭᠤᠤᠯᠯᠠᠨ ᠡᠷᠭᠢᠯᠠᠵᠤ ᠮᠠᠨ ᠤ ᠬᠤᠰᠢᠭᠤᠨ ᠤ ᠰᠢᠨ᠎ᠠ ᠴᠠᠭ ᠥᠶ᠎ᠠ ᠶᠢᠨ ᠪᠤᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠪᠤᠯᠤᠨ ᠥᠥᠰᠢᠨ ᠬᠤᠰᠢᠭᠤᠨ ᠤ ᠮᠦᠽᠧᠶ ᠠᠴᠠ ᠲᠠᠭᠠᠭᠠᠴᠢᠯᠠᠨ ᠡᠷᠭᠢᠯᠠᠵᠤ ᠦᠨᠳᠦᠰᠦᠨ ᠱᠠᠲᠤᠨ ᠤ ᠮᠦᠽᠧᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠢ ᠱᠠᠩᠨᠠᠨ ᠭᠦᠬᠢᠬᠦᠯᠦᠭᠰᠡᠨ ᠤ ᠬᠠᠮᠳᠤ ᠨᠡᠶᠢᠬᠡᠮ ᠤᠨ ᠡᠯ᠎ᠡ ᠡᠲᠡᠭᠡᠳ ᠤᠨ ᠬᠢᠨ  ᠢ ᠵᠤᠭᠢᠶᠠᠨ ᠪᠠᠶᠢᠭᠤᠯᠵᠤ 3D ᠲᠤᠭᠠᠴᠠᠯᠠᠭᠰᠠᠨ ᠮᠦᠽᠧᠶ᠂ ᠤᠷᠳᠤᠰ ᠠᠷᠠᠳ ᠤᠨ ᠲᠠᠭᠤᠤ ᠶᠢᠨ ᠦᠵᠡᠬᠦᠯᠤᠯᠭᠡ  ᠶᠢᠨ ᠲᠢᠩᠬᠢᠮ ᠢᠶᠠᠷ ᠲᠤᠭᠤᠷᠢᠨ ᠦᠵᠡᠵᠦ ᠦᠥᠰᠢᠨ ᠲᠡᠥᠬᠡ ᠰᠤᠶᠤᠯ ᠢ ᠤᠶᠢᠯᠠᠭᠠᠭᠰᠠᠨ ᠪᠠᠶᠢᠨ᠎ᠠ᠃
     ︽ᠰᠠᠭᠠᠩ ᠰᠡᠴᠡᠨ ᠤ ᠲᠤᠷᠠᠰᠬᠠᠯ ᠤᠨ ᠤᠷᠳᠤᠨ︾ ᠤ ᠡᠷᠬᠢᠯᠡᠭᠴᠢ ᠯᠠᠭᠱᠠᠨᠪᠦ᠋ᠷᠢᠨ᠄ ︽ᠮᠦᠽᠧᠢ ᠶᠢᠨ ᠰᠤᠶᠤᠯ ᠭᠡᠳᠡᠭ ᠪᠤᠯ ᠭᠡᠳᠦᠨ ᠵᠠᠭᠤ ᠭᠡᠳᠦᠨ ᠮᠢᠩᠭᠠᠨ ᠵᠢᠯ ᠤᠨ ᠲᠡᠥᠬᠡ ᠶᠢ ᠬᠠᠷᠠᠭᠤᠯᠵᠦ ᠪᠠᠶᠢᠳᠠᠭ ᠠᠴᠠ ᠮᠦᠽᠧᠢ  ᠶᠢᠨ ᠰᠤᠶᠤᠯ ᠢ ᠬᠦᠨᠳᠦᠳᠬᠡᠨ ᠦᠵᠡᠪᠡᠯ ᠵᠤᠬᠢᠨ᠎ᠠ᠃ ᠰᠠᠭᠠᠩ ᠰᠡᠴᠡᠨ ᠪᠤᠯ ᠮᠠᠨ ᠤ ᠨᠤᠲᠤᠭ ᠲᠤ ᠲᠦᠷᠦᠵᠦ ᠦᠰᠴᠤ ᠵᠤᠬᠢᠶᠠᠯ ᠨᠢ ᠲᠡᠯᠡᠬᠡᠢ ᠨᠡᠶᠢᠲᠡ ᠳᠤ ᠰᠤᠳᠤᠯᠤᠭᠳᠠᠵᠤ ᠪᠠᠶᠢᠬᠤ ᠤᠴᠢᠷ ᠠᠴᠠ ᠲᠠᠶᠠᠭᠠᠷ ᠢᠶᠠᠨ ᠡᠨᠡ ᠰᠠᠶᠢᠬᠠᠨ ᠨᠤᠲᠤᠭ ᠤᠨ ᠰᠤᠶᠤᠯ᠂ ᠤᠯᠠᠮᠵᠢᠯᠠᠯᠲᠤ ᠰᠤᠶᠤᠯ ᠢᠶᠠᠨ ᠬᠦᠭᠵᠢᠬᠦᠯᠵᠦ ᠶᠠᠪᠤᠬᠤ ᠨᠢ ᠵᠦᠢᠲᠡᠢ︾ ᠭᠡᠪᠡ᠃
     ᠤᠶᠢᠯᠠᠭᠠᠭᠰᠠᠨ ᠢᠶᠠᠷ᠂ ᠮᠠᠨ ᠤ ᠬᠤᠰᠢᠭᠤᠨ ᠳᠤ ᠤᠳᠤᠬᠠᠨ ᠲᠠᠩᠰᠠᠯᠠᠭᠤᠯᠤᠭᠰᠠᠨ ᠮᠦᠽᠧᠶ ᠲᠠᠪᠤ ᠪᠠᠶᠢᠵᠤ ᠡᠭᠦᠨ ᠠᠴᠠ ᠭᠠᠳᠠᠨ᠎ᠠ ᠪᠠᠰᠠ ᠡᠯ᠎ᠡ ᠲᠥᠷᠥᠯ ᠤᠨ ᠮᠦᠽᠧᠶ᠂ ᠦᠵᠡᠭᠦᠯᠦᠯᠭᠡ ᠶᠢᠨ ᠣᠷᠳᠣᠨ ᠵᠡᠷᠭᠡ ᠶᠢ 26 ᠲᠠᠩᠰᠠᠯᠠᠭᠤᠯᠬᠤ ᠪᠠᠷ ᠭᠤᠶᠤᠴᠢᠯᠠᠵᠠᠢ᠃ ᠡᠨᠡ ᠵᠢᠯ ᠤᠨ ᠬᠢᠵᠢᠭ ᠤᠨ ᠬᠤᠭᠤᠴᠠᠭᠠᠨ ᠳᠤ ᠦᠤᠰᠢᠨ ᠬᠤᠰᠢᠭᠤᠨ ᠤ ᠮᠦᠽᠧᠶ ᠳᠤ 3D ᠲᠤᠭᠠᠴᠠᠯᠠᠭᠰᠠᠨ ᠮᠦᠽᠧᠶ ᠶᠢ ᠨᠡᠭᠡᠭᠡᠵᠦ ᠪᠦᠬᠦ ᠬᠤᠰᠢᠭᠤᠨ ᠤ ᠠᠷᠪᠠᠨ ᠬᠡᠳᠦᠨ ᠦᠵᠡᠭᠦᠯᠤᠯᠭᠡ ᠶᠢᠨ ᠲᠢᠩᠬᠢᠮ ᠤᠨ ᠳᠡᠯᠭᠡᠨ ᠦᠵᠡᠭᠦᠯᠬᠦ ᠪᠣᠳᠠᠰ ᠢ ᠰᠦᠯᠵᠢᠶ᠎ᠡ ᠪᠠᠷ ᠲᠠᠮᠵᠢᠭᠤᠯᠤᠨ ᠪᠦᠬᠦ ᠤᠯᠤᠰ ᠤᠨ ᠦᠵᠡᠭᠴᠢᠳ ᠲᠠᠢ ᠠᠭᠤᠯᠵᠠᠭᠤᠯᠤᠨ ᠰᠦᠯᠵᠢᠶᠡᠨ ᠳᠡᠭᠡᠷ᠎ᠡ ᠠᠴᠠ ᠨᠤᠮᠢᠨ ᠲᠠᠩᠰᠤᠭ ᠦᠥᠰᠢᠨ ᠤ ᠭᠡᠷᠡᠯ ᠰᠠᠴᠤᠷᠠᠩᠭᠤᠢ ᠲᠡᠥᠬᠡ ᠰᠤᠶᠤᠯ ᠢ ᠣᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号