ᠰᠦᠯᠳᠡ ᠰᠣᠮᠣᠨ ᠤ ᠱᠠᠷᠯᠢᠭ ᠭᠠᠴᠠᠭ᠎ᠠ ᠮᠠᠯᠴᠢᠨ ᠳᠦᠮᠡᠨ ᠤ ᠨᠠᠮ ᠤᠨ ᠬᠦᠮᠣᠵᠢᠯ ᠰᠣᠷᠣᠯᠴᠠᠯᠭ᠎ᠠ᠂ ᠮᠠᠯ | ᠲᠠᠷᠢᠶᠠᠯᠠᠩ ᠤᠨ ᠣᠶᠢᠯᠡᠴᠢᠯᠡᠭᠡ᠂ ᠸᠢᠴᠠᠲ ᠲᠠᠪᠴᠠᠩ ᠤᠨ ᠬᠡᠴᠢᠶᠠᠯᠯᠡᠭᠡ᠂ ᠰᠣᠷᠣᠭᠴᠢᠳ ᠤᠨ ᠭᠡᠴᠢᠶᠠᠯ ᠨᠦᠬᠦᠬᠦ | ᠵᠡᠷᠭᠡ ᠴᠠᠭ ᠦᠶ᠎ᠠ ᠶᠢᠨ ᠪᠠᠶᠢᠳᠠᠯ ᠲᠠᠢ ᠣᠷᠭᠠᠨᠢᠭ ᠢᠶᠠᠷ ᠣᠶᠠᠯᠳᠣᠭᠤᠯᠣᠭᠰᠠᠨ ︽ᠭᠠᠴᠠᠭ᠎ᠠ ᠲᠤᠰᠬᠤᠨ ᠤ ᠬᠢᠴᠢᠶᠡᠯ | ᠤᠨ ᠲᠢᠩᠬᠢᠮ︾ ᠢ ᠪᠠᠶᠢᠭᠤᠯᠤᠨ ᠮᠠᠯᠴᠢᠨ ᠳᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠤᠮᠳᠠᠬᠢ ᠪᠣᠳᠡᠳᠡᠢ | ᠠᠰᠠᠭᠤᠳᠠᠯ ᠢ ᠰᠢᠢᠳᠪᠦᠷᠢᠯᠡᠵᠤ ᠪᠠᠶᠢᠨ᠎ᠠ᠃ | ᠮᠠᠯᠵᠢᠬᠤ ᠲᠠᠷᠢᠶᠠᠯᠠᠬᠤ ᠣᠷᠤᠨ ᠤ ᠨᠠᠮ ᠤᠨ ᠬᠡᠰᠢᠬᠦᠳ ᠤᠨ ᠨᠠᠮ ᠤᠨ ᠬᠦᠮᠣᠵᠢᠯ ᠰᠣᠷᠣᠯᠴᠠᠯᠭ᠎ᠠ ᠶᠢ | ᠣᠰᠤᠯᠳᠠᠭᠤᠯᠬᠤ ᠦᠭᠡᠢ ᠪᠠᠶᠢᠬᠤ ᠶᠢ ᠪᠠᠳᠤᠯᠠᠬᠤ ᠶᠢᠨ ᠲᠥᠯᠦᠬᠡ ᠱᠠᠷᠯᠢᠭ ᠭᠠᠴᠠᠭᠠᠨ ᠤ ᠬᠢᠨ ︽ᠨᠠᠮ ᠤᠨ | ᠬᠦᠮᠤᠵᠢᠯ ᠤᠨ ᠬᠡᠷ ᠪᠦᠯᠢ ᠶᠢᠨ ᠬᠢᠴᠢᠶᠡᠯ ᠤᠨ ᠲᠢᠩᠬᠢᠮ︾ ᠶᠢᠨ ᠠᠵᠢᠯᠯᠠᠭ᠎ᠠ ᠶᠢ ᠦᠷᠨᠢᠭᠦᠯᠳᠡᠭ ᠪᠠᠶᠢᠯ᠎ᠠ᠃ ᠮᠠᠯᠴᠢᠨ | ᠲᠠᠷᠢᠶᠠᠴᠢᠳ ᠤᠨ ᠲᠠᠷᠢᠶᠠᠯᠠᠭ᠎ᠠ ᠶᠢᠨ ᠠᠵᠢᠯ ᠤᠨ ᠵᠠᠩᠭᠢᠯᠠᠭ᠎ᠠ ᠶᠢᠨ ᠴᠠᠭ ᠲᠤ ᠭᠠᠴᠠᠭᠠᠨ ᠠᠴᠠ ᠪᠠᠰᠠ ᠮᠠᠯ ᠲᠠᠷᠢᠶᠠᠨ ᠤ | ᠬᠠᠵᠠᠭᠤ ᠳᠠᠬᠢ ᠵᠢᠭᠠᠨ ᠵᠢᠯᠣᠭᠤᠳᠣᠯᠭ᠎ᠠ ᠶᠢ ᠳᠣᠬᠢᠷᠠᠭᠤᠯᠣᠨ ︽ᠮᠠᠯ ᠲᠠᠷᠢᠶᠠᠯᠠᠩ ᠤᠨ ᠬᠢᠴᠢᠶᠡᠯ ᠤᠨ ᠲᠢᠩᠬᠢᠮ︾ ᠢ | ᠨᠡᠬᠡᠬᠡᠭᠰᠡᠨ ᠪᠠᠶᠢᠪᠠ᠃ ᠮᠠᠯᠴᠢᠨ ᠮᠦᠩᠭᠦᠨᠴᠢᠯᠠᠭᠤ ᠣᠣᠯ ᠨᠢ ᠭᠠᠳᠠᠭᠰᠢ ᠬᠦᠯᠣᠰᠣᠨ ᠠᠵᠢᠯ ᠬᠢᠵᠣ ᠠᠮᠢᠳᠣᠷᠠᠵᠣ | ᠪᠠᠶᠢᠭᠰᠠᠨ ᠢᠶᠠᠨ ᠨᠢᠳᠣᠨᠣᠨ ᠭᠠᠴᠠᠭᠠᠨ ᠠᠴᠠ ᠳᠡᠬᠦᠨ ᠳᠤ ᠬᠤᠶᠠᠷ ᠢᠳᠡᠰᠢᠨ ᠨᠣᠭᠤᠭᠠᠨ ᠤ ᠳᠣᠯᠠᠭᠠᠨ ᠬᠦᠯᠡᠮᠵᠢ | ᠳᠠᠭᠠᠭᠠᠴᠢᠯᠠᠭᠤᠯᠣᠨ ᠥᠭᠴᠦ ᠣᠷᠣᠯᠭ᠎ᠠ ᠤᠯᠭᠤᠭᠰᠠᠨ ᠪᠠᠶᠢᠯ᠎ᠠ᠃ ᠡᠨ᠋ᠨ ᠬᠤᠶᠠᠷ ᠡᠳᠣᠷ ᠭᠠᠴᠠᠭᠠᠨ ᠠᠴᠠ | ᠳᠣᠰᠬᠠᠶᠢᠯᠠᠨ ᠬᠤᠰᠢᠭᠤᠨ ᠤ ᠮᠠᠯ ᠲᠠᠷᠢᠶᠠᠯᠠᠩ ᠤᠨ ᠳᠣᠪᠴᠢᠶᠠᠨ ᠤ ᠮᠡᠷᠭᠡᠵᠢᠯᠳᠡᠨ ᠢ ᠣᠷᠢᠵᠣ ᠳᠣᠯᠠᠭᠠᠨ | ᠬᠦᠯᠡᠮᠵᠢ ᠶᠢᠨ ᠬᠦᠷᠣᠰᠣ ᠰᠢᠷᠣᠢ᠂ ᠪᠣᠷᠳᠣᠭᠤᠷ ᠣᠷᠣᠭᠤᠯᠬᠤ ᠵᠡᠷᠭᠡ ᠮᠡᠷᠬᠡᠵᠢᠯ ᠤᠨ ᠲᠠᠯ᠎ᠠ ᠪᠠᠷ ᠵᠢᠯᠤᠭᠤᠳᠤᠯᠭ᠎ᠠ | ᠬᠢᠭᠰᠡᠨ ᠪᠠᠶᠢᠨ᠎ᠠ᠃ | ᠮᠠᠯᠴᠢᠨ ᠮᠦᠩᠭᠦᠨᠴᠢᠯᠠᠭᠤ᠄ ︽ᠨᠢᠳᠣᠨᠣᠨ ᠠᠴᠠ ᠡᠨ᠋ᠨ ᠳᠣᠯᠠᠭᠠᠨ ᠬᠦᠯᠡᠮᠵᠢ ᠶᠢ ᠲᠠᠷᠢᠭᠰᠠᠨ ᠠᠴᠠ ᠣᠬᠤᠷᠬᠠᠨ | ᠬᠤᠭᠤᠴᠠᠭᠠᠨ ᠳᠣᠳᠣᠷ᠎ᠠ ᠨᠡᠯᠢᠶᠠᠳ ᠣᠷᠣᠯᠭ᠎ᠠ ᠣᠯᠣᠭᠰᠠᠨ᠂ ᠨᠢᠳᠣᠨᠣᠨ ᠭᠠᠰᠢᠭᠤᠨ ᠨᠣᠭᠤᠭ᠎ᠠ᠂ ᠱᠠᠪᠳᠠᠯ᠎ᠠ᠂ | ᠠᠮᠳᠠᠳᠣ ᠬᠡᠮᠬᠡ᠂ ᠲᠠᠷᠪᠣᠰ ᠲᠠᠷᠢᠵᠤ ᠠᠮᠲᠠᠳᠣ ᠬᠡᠮᠬᠡ᠂ ᠱᠠᠪᠳᠠᠯ᠎ᠠ ᠠᠴᠠ ᠨᠡᠯᠢᠶᠠᠳ ᠣᠷᠣᠯᠭ᠎ᠠ ᠣᠯᠣᠭᠰᠠᠨ ᠠᠴᠠ | ᠡᠨ᠋ᠨ ᠵᠢᠯ ᠴᠦ ᠡᠨ᠋ᠨ ᠬᠤᠶᠠᠷ ᠲᠠᠷᠢᠮᠠᠯ ᠢ ᠢᠯᠡᠭᠦᠣ ᠲᠠᠷᠢᠵᠣ ᠤᠷᠤᠯᠭ᠎ᠠ ᠨᠡᠩ ᠰᠠᠶᠢᠨ ᠪᠣᠯᠬᠤ ᠭᠡᠵᠤ ᠪᠣᠳᠣᠵᠣ ᠪᠠᠶᠢᠨ᠎ᠠ | ︾ ᠭᠡᠪᠡ᠃ | ᠡᠬᠦᠨ ᠠᠴᠠ ᠭᠠᠳᠠᠨ᠎ᠠ ᠭᠠᠴᠠᠭ᠎ᠠ ᠠᠴᠠ ᠪᠠᠰᠠ ᠬᠢᠵᠢᠭ ᠤᠨ ᠪᠠᠶᠢᠳᠠᠯ ᠠᠴᠠ ᠪᠣᠯᠵᠤ ᠰᠣᠷᠭᠠᠭᠤᠯᠢ ᠳᠤ ᠪᠠᠨ | ᠪᠣᠴᠠᠵᠣ ᠴᠢᠳᠠᠭᠰᠠᠨ ᠦᠬᠡᠢ ᠰᠣᠷᠣᠭᠴᠢᠳ ᠢ ᠭᠠᠴᠠᠭᠠᠨ ᠳᠡᠭᠡᠷ᠎ᠡ ᠨᠢᠭᠡᠳᠣᠯᠳᠡᠢ ᠠᠩᠬᠢ ᠶᠢᠨ ᠭᠡᠷ ᠪᠣᠯᠣᠨ ᠣᠶᠣᠳᠠᠨ | ᠪᠠᠭᠰᠢ ᠶᠢ ᠣᠷᠢᠵᠦ ︽ᠰᠤᠷᠤᠯᠭ᠎ᠠ ᠶᠢ ᠬᠠᠪᠰᠤᠷᠬᠤ ᠬᠢᠴᠢᠶᠡᠯ ᠤᠨ ᠲᠢᠩᠬᠢᠮ︾ ᠢ ᠲᠤᠬᠢᠷᠠᠭᠤᠯᠤᠨ ᠰᠤᠷᠤᠯᠴᠠᠯᠭ᠎ᠠ | ᠬᠤᠵᠢᠮᠳᠠᠬᠤ ᠪᠠᠶᠢᠳᠡᠯ ᠢ ᠰᠢᠢᠳᠪᠦᠷᠢᠯᠡᠭᠰᠡᠨ ᠤ ᠬᠠᠮᠲᠣ ᠪᠠᠰᠠ ᠮᠠᠯᠴᠢᠳ ᠤᠨ ᠳᠣᠮᠳᠡ ᠣᠷᠣᠰᠢᠵᠣ ᠪᠠᠶᠢᠭ᠎ᠠ | ᠬᠦᠴᠢᠷᠳᠡᠯ ᠢ ᠰᠢᠢᠳᠪᠦᠷᠢᠯᠡᠬᠦ ᠳᠣᠰᠬᠠᠢ ᠰᠡᠳᠣᠪᠳᠣ ︽ᠬᠠᠨᠵᠦ ᠲᠤᠭᠤᠶᠢᠯᠠᠨ ᠬᠠᠮᠳᠤᠪᠠᠷ ᠶᠠᠷᠢᠯᠴᠠᠬᠤ ᠬᠢᠴᠢᠶᠡᠯ ᠤᠨ | ᠲᠢᠩᠬᠢᠮ︾ ᠤᠨ ᠠᠵᠢᠯᠯᠠᠭ᠎ᠠ ᠦᠷᠨᠢᠬᠦᠯᠵᠦ ᠪᠠᠶᠢᠨ᠎ᠠ᠃ ᠡᠳᠡᠬᠡᠷ ᠣᠯᠠᠨ ᠬᠢᠴᠢᠶᠡᠯ ᠤᠨ ᠲᠢᠩᠬᠢᠮ ᠨᠢ ᠮᠠᠯᠴᠢᠳ ᠤᠨ | ᠦᠢᠯᠡᠳᠪᠦᠷᠢᠯᠡᠯ ᠠᠮᠢᠳᠤᠷᠠᠯ ᠲᠤᠮᠳᠠᠬᠢ ᠪᠤᠳᠠᠳᠤ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠣᠯᠠᠨ | ᠠᠷᠪᠢᠨ ᠲᠦᠬᠦᠮ ᠲᠦᠳᠡ ᠶᠢ ᠠᠪᠴᠢᠷᠠᠭᠰᠠᠨ ᠢᠶᠠᠷ ᠣᠯᠠᠨ ᠤ ᠬᠦᠷᠢᠶᠡᠯᠡᠯ ᠢ ᠣᠯᠣᠭᠰᠠᠨ ᠪᠠᠶᠢᠨ᠎ᠠ᠃ |