5 ᠰᠠᠷ᠎ᠠ ᠶᠢᠨ 18 ᠤ ᠡᠳᠦᠷ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠣᠳᠣᠷᠢᠳᠬᠤ | ᠳᠣᠭᠤᠶᠢᠯᠠᠩ ᠤᠨ ᠣᠨᠣᠯ ᠰᠣᠷᠣᠯᠴᠠᠬᠤ ᠭᠤᠣᠯ ᠳᠣᠭᠤᠶᠢᠯᠠᠩ ᠤᠨ ᠰᠣᠷᠣᠯᠴᠠᠯᠭ᠎ᠠ ᠬᠢᠬᠡᠳ ᠶᠠᠳᠠᠭᠤ ᠠᠴᠠ | ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠳᠣᠰᠬᠠᠢ ᠰᠣᠳᠣᠯᠣᠨ ᠶᠠᠷᠢᠯᠴᠠᠬᠤ ᠬᠤᠷᠠᠯ ᠬᠤᠷᠠᠯᠳᠤᠪᠠ᠃ | ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠳᠣᠭᠤᠶᠢᠯᠠᠩ ᠤᠨ ᠱᠦᠵᠢ ᠳᠡᠷᠢᠬᠦᠯᠡᠭᠴᠢ ᠬᠤᠣ ᠸᠧᠢ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠬᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠣᠯᠣᠰ | ᠳᠦᠷᠦ ᠶᠢᠨ ᠵᠦᠪᠯᠡᠯᠬᠡᠨ ᠤ ᠨᠠᠮ ᠤᠨ ᠳᠣᠭᠤᠶᠢᠯᠠᠩ ᠤᠨ ᠳᠡᠳ᠋ ᠱᠦᠵᠢ ᠠᠯᠳᠠᠨᠳᠣᠶᠠᠭ᠎ᠠ᠂ ᠬᠤᠰᠢᠭᠤ ᠣᠯᠣᠰ | ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠧᠢ ᠬᠠᠰ᠂ ᠯᠢ᠊᠂ ᠵᠢᠷᠣᠮᠲᠣ᠂ ᠸᠠᠩ ᠭᠠᠩ ᠵᠢᠴᠢ ᠣᠯᠣᠰ ᠳᠦᠷᠦ | ᠶᠢᠨ ᠵᠦᠪᠯᠡᠯᠬᠡᠨ ᠤ ᠨᠠᠮ ᠤᠨ ᠳᠣᠭᠤᠶᠢᠯᠠᠩ ᠤᠨ ᠪᠥᠷᠢᠯᠳᠤᠭᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠠᠬᠢ ᠬᠠᠮᠢᠶ᠎ᠠ | ᠪᠦᠬᠦᠢ ᠶᠠᠷᠢᠶ᠎ᠠ᠂ ᠰᠢᠨᠵᠢᠯᠡᠨ ᠪᠠᠶᠢᠴᠠᠭᠠᠬᠤ ᠦᠶ᠎ᠡ ᠶᠢᠨ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠦ | ᠂ ᠪᠦᠬᠦ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠵᠦ᠂ | ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠳᠣᠬᠠᠢ ᠰᠣᠳᠣᠯᠣᠨ ᠶᠠᠷᠢᠯᠴᠠᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠰᠣᠷᠣᠯᠴᠠᠯᠭ᠎ᠠ ᠶᠢ ᠦᠷᠬᠦᠯᠵᠢ ᠶᠢᠨ ᠴᠢᠨᠠᠷᠳᠠᠢ ᠴᠢᠩᠭ᠎ᠠ ᠠᠳᠬᠤᠵᠦ | ᠢᠯᠠᠩᠭᠤᠶ᠎ᠠ ︽ᠰᠤᠷᠤᠯᠴᠠᠯᠭ᠎ᠠ ᠪᠠᠷ ᠤᠯᠤᠰ ᠢᠶᠠᠨ ᠭᠥᠴᠥᠷᠭᠡᠭᠵᠢᠭᠦᠯᠭᠦ︾ ᠲᠠᠪᠴᠠᠩ ᠤᠨ ᠰᠣᠷᠣᠯᠴᠠᠯᠭ᠎ᠠ ᠪᠠ ᠰᠢ | ᠶᠢᠨ ᠫᠢᠩ ᠤᠨ ᠬᠠᠮᠢᠶ᠎ᠠ ᠪᠦᠬᠦᠢ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢ ᠪᠠᠳᠣᠳᠬᠠᠬᠤ ᠵᠢᠴᠢ ᠠᠷᠠᠳ | ᠤᠨ ᠣᠯᠣᠰ ᠳᠦᠷᠦ ᠶᠢᠨ ᠵᠦᠪᠯᠡᠯᠬᠡᠨ ᠤ ᠠᠵᠢᠯ ᠢ ᠳᠡᠬᠦᠯᠳᠡᠷᠵᠢᠬᠦᠯᠬᠦ ᠳᠣᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ | ᠤᠨ ᠵᠣᠷᠢᠭ ᠰᠠᠨᠠᠭ᠎ᠠ ᠶᠢ ᠰᠠᠶᠢᠳᠣᠷ ᠰᠣᠷᠣᠯᠴᠠᠵᠦ ᠣᠨᠣᠯ ᠤᠨ ᠰᠠᠭᠤᠷᠢ ᠶᠢ ᠪᠠᠳᠣᠳᠬᠠᠵᠦ ᠦᠵᠡᠯ ᠰᠠᠨᠠᠭ᠎ᠠ ᠪᠠᠨ | ᠪᠠᠬᠢᠵᠢᠬᠦᠯᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠪᠣᠯ ᠡᠨᠡ ᠵᠢᠯ ᠤᠨ ᠬᠠᠮᠤᠭ ᠤᠨ | ᠭᠤᠣᠯ ᠠᠵᠢᠯ ᠮᠦᠨ᠃ ᠡᠷᠭᠡᠪᠰᠢ ᠴᠢᠩᠭ᠎ᠠ ᠠᠳᠬᠤᠵᠦ ᠪᠣᠳᠠᠳᠠᠶᠢᠵᠢᠭᠤᠯᠬᠤ ᠬᠡᠷᠡᠭᠲᠡᠢ᠃ ᠳᠣᠰ ᠳᠣᠰ ᠤᠨ ᠢᠶᠠᠨ | ᠬᠠᠷᠢᠯᠴᠠᠵᠦ ᠪᠠᠶᠢᠭ᠎ᠠ ᠡᠷᠦᠬᠡ ᠶᠢᠨ ᠪᠦᠬᠦ ᠪᠠᠶᠢᠳᠠᠯ ᠢ ᠨᠠᠷᠢᠨ ᠣᠶᠢᠯᠠᠭᠠᠵᠦ ᠶᠠᠳᠠᠭᠤ ᠠᠴᠠ ᠠᠩᠬᠢᠵᠢᠷᠠᠭᠤᠯᠤᠭᠰᠠᠨ ᠨᠢ | ᠦᠷ᠎ᠡ ᠪᠦᠲᠦᠮᠵᠢ ᠶᠢ ᠪᠠᠳᠣᠳᠬᠠᠵᠦ ᠶᠠᠳᠠᠭᠤ ᠠᠴᠠ ᠠᠩᠬᠢᠵᠢᠷᠠᠭᠠᠳᠣᠢ ᠶᠢ ᠨᠢ ᠶᠡᠬᠡᠪᠡᠷ ᠳᠡᠳᠬᠦᠵᠦ ᠪᠦᠬᠦ ᠵᠢᠯ ᠤᠨ | ᠡᠬᠦᠷᠭᠡ ᠪᠠᠨ ᠴᠢᠨᠠᠷ ᠰᠠᠶᠢᠳᠠᠢ ᠪᠠᠷ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ᠃ ᠣᠯᠣᠰ ᠳᠦᠷᠦ ᠶᠢᠨ ᠵᠦᠪᠯᠡᠯᠬᠡᠨ ᠤ | ᠳᠡᠷᠢᠬᠦᠯᠡᠭᠴᠢᠳ ᠤᠨ ᠬᠤᠷᠠᠯ ᠳᠡᠭᠡᠷ᠎ᠡ ᠰᠣᠳᠣᠯᠣᠨ ᠳᠣᠭᠳᠠᠭᠠᠭᠰᠠᠨ ᠪᠦᠬᠦ ᠠᠵᠢᠯ ᠢ ᠳᠣᠭᠳᠠᠭᠰᠠᠨ ᠴᠠᠭ ᠲᠤᠨᠢ | ᠬᠢᠨᠠᠨ ᠰᠣᠳᠣᠯᠵᠦ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠬᠦᠯᠦᠨ ᠯᠠᠪᠯᠠᠯᠳᠠ ᠪᠣᠯᠭᠠᠬᠤ | ᠬᠡᠷᠡᠭᠲᠡᠢ᠃ ᠨᠠᠮ ᠤᠨ ᠪᠠᠶᠢᠭᠤᠯᠣᠯᠳᠠ ᠶᠢᠨ ᠡᠯ᠎ᠡ ᠳᠦᠷᠦᠯ ᠤᠨ ᠠᠵᠢᠯ ᠢ ᠴᠢᠩᠭ᠎ᠠ ᠠᠳᠬᠤᠵᠦ ᠰᠣᠷᠳᠠᠯ ᠤᠨ | ᠪᠠᠶᠢᠭᠤᠯᠣᠯᠳᠠ ᠶᠢ ᠴᠢᠩᠭᠠᠳᠬᠠᠵᠦ ︽ᠲᠦᠪ ᠤᠨ ᠨᠠᠢᠮᠠᠨ ᠲᠦᠷᠦᠯ ᠤᠨ ᠳᠣᠭᠳᠠᠭᠠᠯ︾ ᠪᠠ ᠬᠡᠷᠡᠭᠵᠢᠬᠦᠯᠬᠦ ᠵᠠᠷᠴᠢᠮ | ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠤᠨ ︽ᠳᠦᠷᠪᠡᠨ ᠰᠣᠷᠳᠠᠯ︾ ᠤᠨ ᠳᠠᠬᠢᠨ ᠳᠡᠯᠬᠡᠷᠡᠬᠦ ᠶᠢ ᠡᠷᠡᠰ | ᠬᠤᠷᠢᠭᠯᠠᠬᠤ ᠬᠡᠷᠡᠭᠲᠡᠢ᠃ ᠳᠣᠰ ᠳᠣᠰ ᠤᠨ ᠢᠶᠠᠨ ᠬᠠᠮᠢᠶᠠᠷᠣᠯᠳᠠ ᠶᠢᠨ ᠬᠡᠪᠴᠢᠶᠡᠨ ᠳᠠᠬᠢ ᠦᠵᠡᠯ ᠣᠬᠠᠮᠰᠠᠷ ᠤᠨ | ᠬᠡᠯᠪᠡᠷᠢ ᠶᠢᠨ ᠠᠵᠢᠯ ᠢ ᠰᠠᠶᠢᠳᠣᠷ ᠠᠳᠬᠤᠵᠦ ᠢᠳᠡᠪᠬᠢ ᠡᠨᠧᠷᠬᠢ ᠳᠠᠮᠵᠢᠭᠤᠯᠬᠤ ᠬᠡᠷᠡᠭᠲᠡᠢ ᠬᠡᠪᠡ᠃ |