ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠭᠠᠯᠠᠭᠤᠲᠤ ᠪᠣᠯᠪᠠᠰᠤᠷᠠᠭᠤᠯᠤᠭᠰᠠᠨ ᠠᠮᠤ ᠪᠣᠳᠠᠭᠠᠨ ᠤ ᠪᠠᠴᠢᠮ | ᠪᠠᠶᠢᠳᠠᠯ ᠢ ᠰᠢᠢᠳᠪᠦᠷᠢᠯᠡᠬᠦ ᠬᠠᠳᠠᠭᠠᠯᠠᠯᠲᠠ ᠶᠢᠨ ᠬᠥᠮᠥᠷᠭᠡ ᠶᠢᠨ ᠳᠦᠷᠣᠯ ᠵᠣᠶᠢᠯ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠡᠬᠢᠯᠡᠯ᠎ᠡ᠃ ᠡᠬᠢᠯᠡᠯᠲᠡ ᠶᠢᠨ ᠶᠤᠰᠤᠯᠠᠯ ᠳᠤ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠭᠠᠯᠠᠭᠤᠲᠤ | ᠪᠣᠯᠪᠠᠰᠣᠷᠠᠭᠤᠯᠣᠭᠰᠠᠨ ᠠᠮᠤ ᠪᠤᠳᠠᠭ᠎ᠠ ᠨᠥᠭᠡᠴᠡᠯᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠢ ᠪᠠ ᠬᠢᠨᠠᠨ ᠬᠠᠮᠢᠶᠠᠷᠬᠤ ᠨᠢᠭᠡᠴᠢ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | ᠮᠠᠨ ᠤ ᠬᠤᠰᠢᠭᠤᠨ ᠤ ︽ᠳᠠᠯᠠᠢ︾ ᠠᠮᠤ ᠪᠤᠳᠠᠭ᠎ᠠ ᠢᠳᠡᠰᠢᠨ ᠲᠣᠰᠣ ᠡᠵᠡᠩᠨᠡᠨ ᠪᠣᠷᠣᠯᠠᠭᠤᠯᠬᠤ | ᠭᠠᠵᠠᠷ ᠠᠴᠠ 5521 ᠳᠦᠮᠡᠨ ᠳᠦᠭᠦᠷᠢᠭ ᠤᠨ ᠪᠡᠯᠡ ᠣᠷᠣᠭᠤᠯᠣᠨ ᠪᠠᠶᠢᠭᠤᠯᠵᠣ ᠪᠠᠶᠢᠭ᠎ᠠ ᠭᠠᠯᠠᠭᠤᠲᠤ | ᠪᠣᠯᠪᠠᠰᠤᠷᠠᠭᠤᠯᠤᠭᠰᠠᠨ ᠠᠮᠤ ᠪᠣᠳᠠᠭ᠎ᠠ ᠶᠢ ᠬᠠᠳᠠᠭᠠᠯᠠᠨ ᠨᠥᠭᠡᠴᠡᠯᠡᠬᠦ ᠬᠦᠮᠣᠷᠭᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ 50 ᠮᠦ ᠪᠠᠶᠢᠵᠤ᠂ ᠡᠭᠦᠨ ᠳᠤ ᠪᠣᠯᠪᠠᠰᠣᠷᠠᠭᠤᠯᠣᠭᠰᠠᠨ ᠠᠮᠤ ᠪᠣᠳᠠᠭᠠᠨ ᠤ | ᠬᠥᠮᠥᠷᠭᠡ᠂ ᠠᠮᠤ ᠪᠤᠳᠠᠭᠠᠨ ᠤ ᠪᠠᠴᠢᠮ ᠪᠠᠶᠢᠳᠠᠯ ᠢ ᠰᠢᠢᠳᠪᠦᠷᠢᠯᠡᠬᠦ ᠳᠣᠣᠷ᠎ᠠ ᠲᠣᠯᠠᠭᠠᠨᠲᠤ ᠬᠠᠳᠠᠭᠠᠯᠠᠯᠲᠠ ᠶᠢᠨ | ᠬᠥᠮᠥᠷᠭᠡ ᠵᠡᠷᠭᠡ ᠶᠢ ᠳᠣᠰᠪᠣᠷᠢ ᠨᠢᠭᠡ ᠶᠢ ᠪᠠᠶᠢᠭᠤᠯᠣᠨ᠂ 2 ᠰᠠᠭᠤᠷᠢ ᠪᠣᠯᠣᠳ ᠪᠦᠲᠣᠴᠡᠳᠡᠢ ᠡᠷᠭᠢᠯᠲᠡ ᠶᠢᠨ | ᠬᠥᠮᠥᠷᠭᠡ ᠪᠣᠯᠣᠨ 3300 ᠲᠡᠭᠰᠢ ᠳᠥᠷᠪᠡᠯᠵᠢᠨ ᠮᠧᠲᠷ ᠤᠨ ᠠᠮᠤ ᠪᠤᠳᠠᠭ᠎ᠠ ᠠᠷᠠᠯᠵᠢᠶᠠᠯᠠᠬᠤ ᠲᠢᠩᠬᠢᠮ | ᠵᠢᠴᠢ ᠲᠤᠬᠢᠷᠠᠭᠤᠯᠤᠨ ᠬᠦᠷᠭᠡᠬᠦ ᠲᠥᠪ᠂ 800 ᠲᠡᠭᠰᠢ ᠳᠥᠷᠪᠡᠯᠵᠢᠨ ᠮᠧᠲᠷ ᠤᠨ ᠲᠤᠬᠠᠶᠢᠯᠠᠭᠰᠠᠨ ᠠᠵᠢᠯ ᠳᠤ | ᠬᠡᠷᠡᠭᠯᠡᠬᠦ ᠭᠡᠷ᠂ ᠰᠢᠯᠭᠠᠨ ᠪᠠᠶᠢᠴᠠᠭᠠᠬᠤ ᠲᠠᠰᠤᠭ ᠵᠡᠷᠭᠡ ᠶᠢ ᠪᠠᠶᠢᠭᠤᠯᠬᠤ ᠪᠠᠷ ᠪᠠᠶᠢᠵᠤ ᠳᠦᠯᠣᠪᠯᠡᠭᠰᠡᠨ ᠢᠶᠠᠷ᠂ ᠡᠨ᠋ᠨ | ᠵᠢᠯ ᠤᠨ 9 ᠰᠠᠷ᠎ᠠ ᠠᠴᠠ ᠡᠮᠦᠨ᠎ᠡ ᠪᠦᠲᠦᠭᠡᠨ ᠪᠠᠶᠢᠭᠤᠯᠣᠨ ᠳᠠᠭᠤᠰᠬᠠᠵᠣ ᠮᠠᠨ ᠤ ᠬᠤᠰᠢᠭᠤᠨ ᠤ | ᠪᠣᠯᠪᠠᠰᠤᠷᠠᠭᠤᠯᠤᠭᠰᠠᠨ ᠠᠮᠤ ᠪᠣᠳᠠᠭᠠᠨ ᠤ ᠪᠠᠴᠢᠮ ᠪᠠᠶᠢᠳᠠᠯ ᠢ ᠰᠢᠢᠳᠪᠦᠷᠢᠯᠡᠬᠦ ᠳᠤ ᠢᠳᠡᠪᠬᠢᠲᠡᠶ ᠦᠢᠯᠡᠳᠦᠯ | ᠦᠵᠡᠭᠦᠯᠬᠦ ᠪᠣᠯᠤᠨ᠎ᠠ᠃ | |