ᠬᠤᠰᠢᠭᠤ ᠣᠯᠣᠰ ᠳᠦᠷᠦ ᠶᠢᠨ ᠵᠦᠪᠯᠡᠯᠭᠡᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠣᠭᠠᠷ ᠣᠳᠠᠭᠠᠨ ᠤ ᠳᠡᠷᠢᠬᠦᠯᠡᠭᠴᠢᠳ ᠤᠨ ᠬᠤᠷᠠᠯ ᠬᠤᠷᠠᠯᠳᠣᠪᠡ
ᠨᠡᠶᠢᠲᠡᠯᠡᠭᠰᠡᠨ ᠴᠠᠭ᠄
2020-05-21
   5 ᠰᠠᠷ᠎ᠠ ᠶᠢᠨ 18 ᠤ ᠡᠳᠦᠷ᠂ ᠬᠤᠰᠢᠭᠤ ᠣᠯᠣᠰ ᠳᠦᠷᠦ ᠶᠢᠨ ᠵᠦᠪᠯᠡᠯᠭᠡᠨ ᠤ ᠠᠷᠪᠠᠨ ᠳᠦᠷᠪᠡᠳᠦᠬᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠣᠭᠠᠷ ᠣᠳᠠᠭᠠᠨ ᠤ ᠳᠡᠷᠢᠬᠦᠯᠡᠭᠴᠢᠳ ᠤᠨ ᠬᠤᠷᠠᠯ ᠬᠤᠷᠠᠯᠳᠣᠪᠡ᠃ ᠬᠤᠰᠢᠭᠤ ᠣᠯᠣᠰ ᠳᠦᠷᠦ ᠶᠢᠨ ᠵᠦᠪᠯᠡᠯᠭᠡᠨ ᠤ ᠳᠡᠷᠢᠬᠦᠯᠡᠭᠴᠢ ᠬᠤᠣ ᠸᠧᠢ᠂ ᠳᠡᠳ᠋ ᠳᠡᠷᠢᠬᠦᠯᠡᠭᠴᠢ ᠯᠧᠢ · ᠬᠠᠰ᠂ ᠯᠢ᠊ ᠵᠢᠷᠣᠮᠲᠣ᠂ ᠸᠠᠩ ᠭᠠᠩ ᠵᠢᠴᠢ ᠡᠯ᠎ᠡ ᠵᠦᠪᠯᠡᠯ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠳᠤ ᠳᠣᠮᠢᠯᠠᠨ ᠰᠠᠭᠤᠯᠭᠠᠭᠰᠠᠨ ᠰᠠᠬᠢᠯᠭ᠎ᠠ ᠪᠠᠳᠣ ᠪᠠᠶᠢᠴᠠᠭᠠᠬᠤ ᠬᠢᠨᠠᠨ ᠪᠠᠶᠢᠴᠠᠭᠠᠬᠤ ᠳᠣᠭᠤᠶᠢᠯᠠᠩ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃     ᠬᠤᠷᠠᠯ ᠠᠴᠠ ᠮᠣᠩᠭᠤᠯ ᠬᠢᠳᠠᠳ ᠭᠡᠯᠡ ᠶᠢ ᠬᠠᠪᠰᠤᠷᠭᠠᠭᠰᠠᠨ ︽ᠣᠷᠳᠣᠰ ᠪᠠᠷᠠᠭᠤᠨ ᠭᠠᠷ ᠤᠨ ᠡᠮᠦᠨᠡᠲᠦ ᠬᠤᠰᠢᠭᠤᠨ ︵ ᠦᠦᠰᠢᠨ︶ ᠤ ᠵᠠᠰᠠᠭ ᠶᠠᠮᠣᠨ ᠤ ᠳᠠᠩᠰᠠ ᠡᠪᠭᠢᠮᠠᠯ︾ ᠬᠡᠬᠦ ᠨᠣᠮ ᠢ ᠳᠠᠷᠬᠠᠭᠠᠬᠤ ᠬᠠᠮᠢᠶ᠎ᠠ ᠪᠦᠬᠦᠢ ᠣᠴᠢᠷ ᠶᠠᠪᠣᠳᠠᠯ᠂ 2020 ᠣᠨ ᠤ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠰᠣᠶᠣᠯ ᠳᠡᠣᠬᠡ ᠶᠢᠨ ᠪᠢᠴᠢᠭ ᠮᠠᠲ᠋ᠧᠷᠢᠶᠠᠯ ᠢ ᠴᠣᠭᠯᠠᠭᠤᠯᠣᠨ ᠬᠡᠪᠯᠡᠬᠦᠯᠬᠦ ᠬᠠᠮᠢᠶ᠎ᠠ ᠪᠦᠬᠦᠢ ᠣᠴᠢᠷ ᠶᠠᠪᠣᠳᠠᠯ᠂ ᠬᠤᠰᠢᠭᠤ ᠣᠯᠣᠰ ᠳᠦᠷᠦ ᠶᠢᠨ ᠵᠦᠪᠯᠯᠡᠬᠡᠨ ᠤ ᠠᠷᠪᠠᠨ ᠳᠦᠷᠪᠡᠳᠦᠬᠡᠷ ᠬᠤᠭᠤᠴᠠᠭᠠᠨ ᠤ ᠳᠦᠷᠪᠡᠳᠦᠬᠡᠷ ᠣᠳᠠᠭᠠᠨ ᠤ ᠬᠤᠷᠠᠯᠳᠣᠭᠠᠨ ᠤ ᠬᠡᠰᠢᠬᠦᠳ  ᠤᠨ ᠰᠠᠨᠠᠯ ᠳᠣᠷᠠᠳᠣᠯᠭ᠎ᠠ ᠶᠢᠨ ᠬᠠᠮᠢᠶ᠎ᠠ ᠪᠦᠬᠦᠢ ᠣᠴᠢᠷ ᠶᠠᠪᠣᠳᠠᠯ ᠪᠠ ᠰᠠᠨᠠᠯ ᠳᠣᠷᠠᠳᠣᠯᠭ᠎ᠠ ᠶᠢ ᠰᠢᠯᠵᠢᠬᠦᠯᠦᠨ ᠭᠥᠢᠴᠡᠳᠭᠡᠭᠦ ᠬᠤᠷᠠᠯ ᠢ ᠪᠡᠯᠡᠳᠬᠡᠭᠰᠡᠨ ᠳᠣᠬᠠᠢ ᠵᠢᠴᠢ 2020 ᠣᠨ ᠤ ᠣᠯᠣᠰ ᠳᠦᠷᠦ ᠶᠢᠨ ᠵᠦᠪᠯᠡᠯᠬᠡᠨ ᠤ ᠪᠠᠶᠢᠴᠠᠭᠠᠨ ᠰᠤᠳᠤᠯᠵᠤ ᠵᠦᠪᠳᠡᠯᠴᠡᠨ ᠶᠠᠷᠢᠯᠴᠠᠬᠤ ᠰᠡᠳᠣᠪ ᠤᠨ ᠳᠦᠯᠦᠪᠯᠡᠭᠡ ᠪᠠ ᠠᠷᠠᠳᠴᠢᠯᠠᠯ ᠢᠶᠠᠷ ᠬᠢᠨᠠᠯᠳᠠ ᠳᠠᠯᠪᠢᠬᠤ ᠬᠠᠮᠢᠶ᠎ᠠ ᠪᠦᠬᠦᠢ ᠪᠠᠶᠢᠭᠤᠯᠭ᠎ᠠ ᠶᠢᠨ ᠣᠴᠢᠷ ᠶᠠᠪᠣᠳᠠᠯ ᠤᠨ ᠳᠣᠬᠠᠢ ᠰᠤᠳᠤᠯᠵᠤ ᠬᠢᠨᠠᠨ ᠵᠦᠪᠯᠡᠪᠡ᠃    ᠬᠤᠷᠠᠯ ᠠᠴᠠ ᠳᠣᠰ ᠳᠣᠰ ᠤᠨ ᠢᠶᠠᠨ ᠡᠬᠦᠷᠬᠡ ᠬᠠᠷᠢᠭᠤᠴᠠᠯᠭ᠎ᠠ ᠪᠠᠨ ᠣᠯᠠᠮ ᠳᠣᠳᠣᠳᠬᠠᠵᠦ ᠡᠷᠳᠡᠬᠡᠨ ᠠᠴᠠ ᠬᠦᠳᠡᠯᠦᠯᠴᠡᠵᠦ ᠬᠤᠪᠢᠶᠠᠷᠢᠯᠠᠨ ᠬᠠᠮᠢᠶᠠᠷᠴᠦ ᠪᠠᠶᠢᠭ᠎ᠠ ᠠᠵᠢᠯ ᠪᠠ ᠡᠬᠦᠷᠬᠡ ᠪᠠᠨ ᠴᠠᠭ ᠳᠣᠬᠠᠢ ᠳᠤᠨᠢ ᠪᠡᠶᠡᠯᠡᠬᠦᠯᠦᠨ ᠲᠤᠭᠤᠰᠢᠯᠠᠭᠤᠯᠵᠤ ᠪᠦᠬᠦ ᠵᠢᠯ ᠤᠨ ᠠᠵᠢᠯ ᠡᠬᠦᠷᠬᠡ ᠪᠠᠨ ᠠᠮᠵᠢᠯᠳᠠ ᠳᠦᠬᠦᠷᠡᠩ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号