ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ  ᠶᠢᠨ ᠠᠵᠢᠯ ᠳᠤ ᠬᠢᠨᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2020-05-21
     5 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠤᠪᠤᠷᠭ᠎ᠠ ᠨᠡᠶᠢᠭᠡᠮ ᠲᠣᠭᠤᠷᠢᠭ ᠤᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ᠂ ᠵᠠᠮ  ᠤᠨ ᠠᠭᠤᠯᠵᠠᠷ ᠲᠤ ᠬᠦᠷᠴᠦ ᠪᠤᠳᠠᠳᠤ ᠪᠠᠶᠢᠳᠠᠯ ᠢ ᠨᠢ ᠦᠵᠡᠵᠦ ᠨᠠᠷᠢᠨ ᠪᠠᠶᠢᠳᠠᠯ ᠢ ᠨᠢ ᠠᠰᠠᠭᠤᠨ ᠪᠥᠭᠦ ᠤᠯᠤᠰ  ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠶ ᠲᠠᠯ᠎ᠠ ᠶᠢ ᠡᠷᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠭᠠᠷᠳᠠᠬᠤ ᠶᠢᠨ ᠬᠠᠮᠲᠤ  ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ  ᠭᠢᠨᠠᠨ ᠵᠢᠯᠤᠭᠤᠳᠤᠯᠭ᠎ᠠ ᠳᠤ ᠤᠷᠤᠯᠴᠠᠪᠠ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ᠃ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠭᠦ ᠳᠤ ᠣᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ᠂ ᠲᠤᠰᠬᠠᠯ ᠬᠠᠮᠤᠭ ᠤᠨ ᠴᠢᠩᠭ᠎ᠠ᠂ ᠭᠡᠷᠡᠭᠴᠡᠭᠡ ᠱᠠᠭᠠᠷᠳᠠᠯᠭ᠎ᠠ ᠬᠠᠮᠤᠭ ᠤᠨ ᠲᠤᠯᠭᠠᠮ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ  ᠢ ᠰᠢᠢᠳᠪᠤᠷᠢᠯᠠᠵᠤ ᠥᠷᠭᠡᠨ ᠣᠯᠠᠨ ᠲᠦᠮᠡᠨ ᠬᠠᠮᠲᠤᠪᠠᠷ ᠡᠳ᠋ᠯᠡᠬᠦ ᠳᠤᠮᠳᠠ ᠬᠠᠮᠲᠤᠪᠠᠷ ᠪᠠᠶᠢᠭᠤᠯᠵᠤ ᠬᠠᠮᠲᠤ ᠪᠠᠷ ᠪᠠᠶᠢᠭᠤᠯᠬᠤ ᠳᠤᠮᠳᠠ ᠬᠠᠮᠲᠤᠪᠠᠷ ᠡᠳ᠋ᠯᠡᠵᠤ ᠥᠷᠭᠡᠨ ᠣᠯᠠᠨ ᠲᠦᠮᠡᠨ ᠤ ᠠᠰᠢᠭ ᠬᠦᠷᠳᠡᠭᠰᠡᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠲᠡᠭᠡᠭᠰᠢᠯᠠᠭᠦᠯᠭᠦ ᠭᠡᠷᠡᠭᠳᠠᠢ ᠭᠡᠵᠡᠢ᠃
     ᠲᠤᠬᠠᠢ ᠶᠢᠨ ᠲᠠᠯᠠᠪᠠᠢ ᠳᠤ ᠡᠷᠳᠡᠨᠢᠪᠢᠯᠢᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠲᠤᠰᠬᠠᠭᠰᠠᠨ ᠠᠰᠠᠭᠤᠳᠠᠯ ᠢ ᠨᠠᠷᠢᠨ ᠣᠶᠢᠯᠠᠭᠠᠵᠤ ᠴᠢᠬᠤᠯᠠᠴᠢᠯᠠᠬᠤ ᠳᠤ ᠪᠠᠨ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠲᠡᠭᠡᠭᠰᠢᠯᠠᠭᠦᠯᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠠᠵᠢᠯ ᠤᠨ ᠬᠠᠮᠳᠤ ᠶᠢᠨ ᠭᠥᠴᠤᠨ  ᠢ ᠪᠥᠷᠢᠯᠳᠤᠭᠦᠯᠵᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠲᠥᠷᠤᠯ ᠤᠨ ᠠᠵᠢᠯ ᠢ ᠠᠭᠢᠭᠤᠯᠬᠤ ᠭᠡᠷᠡᠭᠳᠠᠢ᠃ ᠡᠯ᠎ᠡ ᠨᠡᠶᠢᠭᠡᠮ ᠲᠣᠭᠤᠷᠢᠭ᠂ ᠡᠯ᠎ᠡ ᠳᠠᠭᠠᠭᠠᠴᠢᠯᠠᠨ ᠬᠤᠯᠪᠣᠭᠠᠯᠠᠬᠤ ᠰᠠᠯᠠᠭ᠎ᠠ ᠮᠥᠴᠢᠷ᠂ ᠡᠯ᠎ᠡ ᠰᠠᠭᠤᠭᠠᠯᠢ ᠠᠷᠠᠳ ᠤᠨ ᠲᠤᠭᠤᠷᠢᠭ ᠤᠨ ᠠᠳᠠᠯ ᠠᠬᠤᠢ ᠶᠢᠨ ᠺᠤᠮᠫᠠᠨᠢ ᠠᠰᠠᠭᠤᠳᠠᠯ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠥᠷᠭᠡᠨ ᠵᠣᠬᠢᠶᠠᠨ ᠪᠠᠶᠢᠭᠤᠯᠤᠨ ᠥᠷᠨᠢᠭᠦᠯᠵᠦ ᠠᠰᠠᠭᠤᠳᠠᠯ ᠢ ᠨᠢᠭᠡᠳ ᠨᠢᠭᠡ ᠪᠠᠷ ᠰᠢᠢᠳᠪᠤᠷᠢᠯᠠᠵᠤ ᠪᠠᠭᠤᠷᠠᠶ ᠲᠠᠯ᠎ᠠ ᠪᠠᠨ ᠨᠥᠭᠦᠪᠤᠷᠢᠯᠠᠨ ᠭᠥᠴᠥᠳᠠᠢ ᠠᠷᠭ᠎ᠠ ᠬᠡᠮᠵᠢᠶ᠎ᠡ ᠠᠪᠴᠤ ᠬᠤᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠠᠷᠠᠳ ᠲᠤ ᠲᠦᠰᠢᠭᠯᠡᠬᠦ᠂ ᠠᠷᠠᠳ ᠤᠨ ᠲᠥᠯᠥᠭᠡ ᠵᠢᠳᠬᠦᠬᠦ᠂ ᠠᠷᠠᠳ ᠲᠤ ᠠᠰᠢᠭ ᠬᠦᠷᠲᠡᠭᠡᠬᠦ︾ ᠣᠶᠢᠯᠠᠭᠠᠭᠳᠠᠬᠤᠨ ᠢ ᠪᠤᠢ ᠪᠤᠯᠭᠠᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠠᠴᠠ ᠡᠬᠢᠯᠡᠨ ᠠᠳᠬᠤᠵᠤ ᠣᠯᠠᠨ ᠲᠦᠮᠡᠨ ᠤ ᠪᠠᠴᠢᠮ ᠱᠠᠭᠠᠷᠳᠠᠵᠤ ᠪᠠᠶᠢᠭ᠎ᠠ ᠵᠦᠢᠯ ᠠᠴᠠ ᠡᠬᠢᠯᠡᠨ ᠥᠭᠡᠷᠡᠴᠢᠯᠡᠵᠦ ᠪᠣᠳᠠᠲᠤ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠲᠤᠰᠬᠠᠯ ᠥᠭᠬᠦ ᠬᠡᠷᠡᠭᠲᠡᠢ᠃ ᠤᠬᠠᠭᠤᠯᠤᠨ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ ᠤᠯᠠᠨ ᠲᠦᠮᠡᠨ ᠤ ᠣᠶᠢᠯᠠᠭᠠᠯᠲᠠ᠂ ᠳᠡᠮᠵᠢᠯᠭᠡ ᠪᠠ ᠬᠠᠮᠵᠢᠯᠴᠠᠭ᠎ᠠ ᠶᠢ ᠣᠯᠵᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠵᠡᠩᠨᠡᠯᠲᠡ ᠶᠢᠨ ᠡᠷᠦᠬᠡ ᠶᠢᠨ ︽ᠡᠭᠦᠳᠡᠨ ᠡᠮᠦᠨᠡᠬᠢ ᠲᠠᠪᠤ ᠶᠢ ᠲᠠᠭᠠᠭᠠᠴᠢᠯᠠᠬᠤ︾ ᠬᠠᠮᠢᠶᠠᠷᠤᠯᠲᠠ ᠶᠢᠨ ᠠᠵᠢᠯ ᠢ ᠪᠠᠶᠢᠩᠭᠤᠵᠢᠭᠤᠯᠵᠤ ᠪᠦᠬᠦ ᠬᠤᠰᠢᠭᠤᠨ ᠤ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠢ ᠨᠠᠩ ᠲᠥᠷᠢᠮᠵᠢᠭᠦᠯᠭᠦ ᠭᠡᠷᠡᠭᠳᠠᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠠᠵᠢᠯᠯᠠᠭᠠᠨ ᠤ ᠲᠥᠪ ᠤᠨ ᠣᠯᠠᠨ ᠲᠥᠮᠡᠨ ᠢ ᠨᠢᠭᠳᠠᠷᠠᠭᠤᠯᠤᠨ ᠣᠯᠠᠨ ᠲᠦᠮᠡᠨ ᠢ ᠬᠥᠲᠥᠯᠥᠨ ᠵᠢᠯᠤᠭᠤᠳᠬᠤ ᠥᠢᠯᠡᠳᠤᠯ ᠢ ᠭᠦᠢᠴᠡᠳ ᠪᠠᠳᠠᠷᠠᠭᠤᠯᠵᠤ ᠨᠠᠮ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠤᠨ ᠰᠠᠶᠢᠨ ᠳᠤᠷ᠎ᠠ ᠶᠢᠨ ᠥᠢᠯᠡᠴᠢᠯᠡᠭᠡ ᠶᠢ ᠰᠠᠶᠢᠲᠤᠷ ᠵᠣᠬᠢᠶᠠᠨ ᠪᠠᠶᠢᠭᠤᠯᠵᠤ ᠤᠯᠠᠨ ᠲᠦᠮᠡᠨ ᠤ ᠪᠣᠳᠠᠲᠠᠶ ᠬᠦᠴᠢᠷᠳᠡᠯ ᠢ ᠰᠠᠶᠢᠲᠤᠷ ᠰᠢᠢᠳᠪᠤᠷᠢᠯᠠᠨ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠤᠳᠠ ᠶᠢ ᠪᠥᠭᠦ ᠲᠠᠯ᠎ᠠ ᠪᠠᠷ ᠠᠭᠢᠭᠤᠯᠬᠤ ᠭᠡᠷᠡᠭᠳᠠᠢ᠃ ᠵᠠᠭᠤᠴᠢᠯᠠᠭᠤᠷ ᠢ ᠠᠰᠢᠭᠯᠠᠨ ᠪᠤᠯᠪᠠᠰᠤᠨ ᠬᠤᠳᠠ  ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠤᠬᠠᠭᠤᠯᠤᠨ ᠮᠡᠳᠡᠭᠡᠯᠡᠵᠦ ᠬᠤᠲᠠ ᠶᠢᠨ ᠠᠷᠠᠳ ᠤᠨ ᠪᠣᠯᠪᠠᠰᠤᠨ ᠦᠵᠡᠯ ᠤᠬᠠᠮᠰᠠᠷ ᠢ ᠲᠡᠭᠡᠭᠰᠢᠯᠠᠭᠦᠯᠭᠦ ᠭᠡᠷᠡᠭᠳᠠᠢ᠃ ᠦᠷ᠎ᠡ ᠪᠦᠲᠦᠮᠵᠢ ᠶᠢ ᠴᠢᠩᠭ᠎ᠠ ᠬᠢᠨᠠᠨ ᠰᠢᠯᠭᠠᠵᠤ ᠡᠭᠦᠳᠤᠨ ᠪᠠᠶᠢᠭᠤᠯᠤᠯᠳᠠ ᠶᠢᠨ ᠠᠵᠢᠯ ᠤᠨ ᠳᠤᠮᠳᠠ ᠠᠵᠢᠯ ᠬᠢᠬᠦ ᠥᠬᠡᠶ᠂ ᠠᠵᠢᠯ ᠢ ᠠᠯᠭᠭᠤᠷᠯᠠᠭᠤᠯᠵᠤ ᠪᠠᠶᠢᠬᠤ ᠰᠠᠯᠠᠭ᠎ᠠ ᠮᠥᠴᠢᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠬᠡᠮᠵᠢᠨ ᠲᠣᠭᠲᠠᠭᠠᠬᠤ ᠰᠢᠰᠲ᠋ᠧᠮ ᠤᠨ  ᠪᠠᠷᠢᠮᠵᠢᠶ᠎ᠠ ᠲᠠᠢ ᠬᠠᠷᠢᠴᠠᠭᠤᠯᠤᠨ ᠬᠦᠴᠢᠷ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠠᠳᠬᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠤ ᠨᠤᠮᠢᠨ ᠲᠠᠩᠰᠤᠭ ᠥᠥᠰᠢᠨ ᠤ ᠪᠥᠳᠥᠭᠡᠨ ᠪᠠᠶᠢᠭᠤᠯᠤᠯᠳᠠ ᠳᠤ ᠬᠤᠪᠢ ᠨᠡᠮᠡᠷᠢ ᠡᠷᠭᠦᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号