ᠮᠠᠨ ᠤ ᠬᠤᠰᠢᠭᠤ ᠤᠯᠠᠮᠵᠢᠯᠠᠯᠲᠤ ᠭᠡᠷ ᠪᠦᠯᠢ ᠶᠢᠨ ᠬᠦᠮᠦᠵᠢᠯ ᠢ ᠰᠤᠷᠭᠠᠨ ᠬᠦᠮᠦᠵᠢᠯ ᠲᠠᠢ ᠠᠭᠤᠰᠣᠯᠴᠠᠭᠤᠯᠣᠨ ᠬᠦᠭᠵᠢᠭᠦᠯᠵᠥ ᠪᠣᠢ
ᠨᠡᠶᠢᠲᠡᠯᠡᠭᠰᠡᠨ ᠴᠠᠭ᠄
2020-05-21
     ᠣᠶᠢᠷ᠎ᠠ ᠶᠢᠨ ᠡᠳᠣᠷ᠂ ᠮᠠᠨ ᠤ ᠬᠤᠰᠢᠭᠤ ︽ᠬᠠᠨ ᠰᠤᠷᠭᠠᠯ︾ ᠭᠡᠷ ᠪᠦᠯᠢ ᠶᠢᠨ ᠬᠦᠮᠦᠵᠢᠯ ᠤᠨ ᠦᠢᠯᠡᠴᠢᠯᠡᠭᠡᠨ ᠤ ᠲᠥᠪ ᠢ ᠡᠭᠦᠰᠭᠡᠨ ᠪᠠᠶᠢᠭᠤᠯᠵᠤ ︽ᠤᠯᠠᠮᠵᠢᠯᠠᠯᠲᠤ ᠭᠡᠷ ᠪᠦᠯᠢ ᠶᠢᠨ ᠬᠦᠮᠦᠵᠢᠯ ᠢ ᠣᠳᠣᠬᠢ ᠰᠤᠷᠭᠠᠨ ᠬᠦᠮᠦᠵᠢᠯ ᠲᠠᠢ ᠤᠶᠠᠯᠳᠤᠭᠤᠯᠬᠤ ᠲᠤᠬᠠᠢ︾ ᠭᠤᠤᠯ ᠰᠡᠳᠦᠪᠲᠦ ᠶᠠᠷᠢᠯᠴᠠᠭ᠎ᠠ ᠦᠷᠨᠢᠭᠦᠯᠣᠨ ᠣᠯᠡᠮᠵᠢᠯᠠᠯᠲᠤ ᠭᠡᠷ ᠪᠦᠯᠢ ᠶᠢᠨ ᠬᠦᠮᠣᠵᠢᠯ ᠪᠣᠯᠣᠨ ᠣᠳᠣ ᠦᠶ᠎ᠡ ᠶᠢᠨ ᠰᠣᠷᠭᠠᠨ ᠬᠦᠮᠣᠵᠢᠯ ᠢ ᠨᠢᠭᠲᠠ ᠠᠭᠤᠰᠣᠯᠴᠠᠭᠤᠯᠵᠣ ᠬᠡᠤᠬᠡᠳ ᠪᠠᠭᠠᠴᠤᠳ ᠤᠨ ᠪᠣᠯᠪᠠᠰᠣᠨ ᠮᠣᠷᠠᠯ ᠲᠠᠢ ᠡᠷᠡᠭᠦᠯ ᠡᠩᠬᠡ ᠪᠠᠷ ᠦᠰᠣᠨ ᠪᠣᠶᠢᠵᠢᠬᠤ ᠳᠤ ᠳᠣᠰᠠᠯᠠᠵᠣ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠦᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠵᠢᠴᠢ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠳᠤᠪᠴᠢᠶ᠎ᠠ᠂ ᠬᠤᠶᠢᠴᠢ ᠥᠶ᠎ᠡ ᠶᠢᠨ ᠬᠢᠨ ᠢ ᠬᠠᠯᠠᠮᠵᠢᠯᠠᠬᠤ ᠵᠦᠪᠯᠡᠯ᠂ ᠬᠤᠰᠢᠭᠤ ᠰᠡᠳᠭᠢᠴᠡ ᠶᠢᠨ ᠨᠡᠶᠢᠬᠡᠮᠯᠢᠭ᠂ ︽ᠮᠢᠩᠭᠠᠨᠪᠤᠤ ᠭᠡᠷ ᠪᠦᠯᠢ ᠶᠢᠨ ᠬᠦᠮᠦᠵᠢᠯ ᠤᠨ ᠦᠢᠯᠡᠴᠢᠯᠡᠭᠡᠨ ᠤ ᠲᠦᠪ︾᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ ᠤᠨ ᠬᠠᠷᠢᠭᠤᠴᠠᠯᠭᠠᠲᠠᠳ ᠪᠤᠯᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠠᠵᠢᠯ ᠢ ᠬᠢᠵᠦ ᠪᠠᠶᠢᠭ᠎ᠠ ᠪᠠᠭᠰᠢ ᠨᠠᠷ ᠠᠵᠢᠯᠯᠠᠭᠠᠨ  ᠳᠤ ᠤᠷᠤᠯᠴᠠᠵᠡᠢ᠃      ᠠᠵᠢᠯᠯᠠᠭ᠎ᠠ ᠳᠡᠭᠡᠷ᠎ᠡ᠂ ᠮᠤᠩᠭᠤᠯᠴᠤᠳ ᠤᠨ ᠦᠨᠢ ᠤᠳᠠᠭᠠᠨ ᠲᠡᠤᠭᠡ ᠲᠠᠢ ᠤᠯᠠᠮᠵᠢᠯᠠᠯᠲᠤ ᠭᠡᠷ ᠪᠦᠯᠢ ᠶᠢᠨ ᠬᠦᠮᠦᠵᠢᠯ ᠲᠠᠢ ᠣᠶ᠋ᠯᠠᠳᠣᠭᠤᠯᠣᠨ ᠣᠳᠣ ᠴᠠᠭ ᠤᠨ ᠰᠤᠷᠭᠠᠨ ᠬᠦᠮᠦᠵᠢᠯ ᠢ ᠴᠢᠩᠭ᠎ᠠ ᠠᠳᠬᠤᠬᠤ ᠶᠢᠨ ᠴᠢᠬᠤᠯᠠ ᠴᠢᠨᠠᠷ  ᠪᠣᠯᠣᠨ ᠨᠡᠶᠢᠭᠡᠮ ᠨᠡᠶᠢᠲᠡ ᠳᠤ ᠦᠵᠡᠬᠦᠯᠬᠦ ᠢᠳᠡᠪᠬᠢ ᠣᠶᠢᠯᠡᠳᠣᠯ ᠢ ᠬᠡᠷᠬᠢᠨ ᠪᠠᠳᠠᠷᠠᠭᠤᠯᠣᠨ  ᠲᠦᠭᠡᠮᠡᠯᠵᠢᠭᠦᠯᠬᠦ᠂ ᠣᠬᠢ ᠰᠢᠯᠢᠳᠡᠭ ᠤᠯᠠᠮᠵᠢᠯᠠᠯᠳᠦ ᠭᠡᠷ ᠪᠦᠯᠢ ᠶᠢᠨ ᠬᠦᠮᠦᠵᠢᠯ ᠢ ᠣᠳᠣᠬᠢ ᠰᠤᠷᠭᠠᠨ ᠬᠦᠮᠦᠵᠢᠯ ᠲᠠᠢ ᠬᠡᠷᠬᠢᠨ ᠠᠭᠤᠰᠣᠯᠴᠠᠭᠤᠯᠣᠨ ᠬᠦᠭᠵᠢᠭᠦᠯᠬᠦ ᠵᠡᠷᠭᠡ ᠲᠠᠯ᠎ᠠ ᠪᠠᠷ ᠳᠡᠯᠭᠡᠷᠡᠩᠭᠦᠢ ᠶᠠᠷᠢᠯᠴᠠᠭᠰᠠᠨ ᠪᠠᠶᠢᠨ᠎ᠠ᠃      ᠡᠨ᠋ᠨ ᠣᠳᠠᠭᠠᠨ ᠤ ᠠᠵᠢᠯᠯᠠᠭ᠎ᠠ ᠨᠢ ᠤᠯᠠᠮᠵᠢᠯᠠᠯᠳᠦ ᠭᠡᠷ ᠪᠦᠯᠢ ᠶᠢᠨ ᠬᠦᠮᠣᠵᠢᠯ ᠤᠨ ᠰᠢᠯᠢᠳᠡᠭ ᠰᠣᠶᠣᠯ ᠤᠨ ᠣᠯᠡᠮᠵᠢᠯᠡᠯ ᠢ ᠬᠦᠭᠵᠢᠬᠦᠯᠵᠦ ᠬᠡᠷ ᠪᠦᠯᠢ ᠶᠢᠨ ᠬᠦᠮᠦᠵᠢᠯ ᠤᠨ ᠨᠡᠶᠢᠭᠡᠮ ᠨᠡᠶᠢᠲᠠ ᠳᠤ ᠦᠵᠡᠬᠦᠯᠬᠦ ᠢᠳᠡᠪᠬᠢ ᠤᠢᠢᠯᠠᠳᠤᠯ ᠢ ᠪᠠᠳᠠᠷᠠᠭᠤᠯᠵᠦ ᠤᠯᠠᠮᠵᠢᠯᠠᠯᠳᠦ ᠭᠡᠷ ᠪᠦᠯᠢ ᠶᠢᠨ ᠬᠦᠮᠦᠵᠢᠯ ᠪᠣᠯᠣᠨ ᠣᠳᠣᠬᠢ ᠰᠣᠷᠭᠠᠨ ᠬᠦᠮᠣᠵᠢᠯ ᠤᠨ ᠠᠭᠤᠰᠣᠯᠴᠠᠯ ᠢᠶᠠᠷ ᠬᠡᠤᠬᠡᠳ ᠪᠠᠭᠠᠴᠤᠳ ᠤᠨ ᠪᠣᠯᠪᠠᠰᠣᠨ ᠮᠣᠷᠠᠯ ᠲᠠᠢ ᠡᠷᠡᠭᠦᠯ ᠡᠩᠬᠡ  ᠪᠠᠷ ᠦᠰᠣᠨ ᠪᠣᠶᠢᠵᠢᠬᠤ ᠳᠤ ᠲᠦᠯᠬᠢᠬᠦ ᠬᠦᠴᠦᠨ ᠦᠵᠡᠬᠦᠯᠦᠭᠰᠡᠨ ᠪᠠᠶᠢᠨ᠎ᠠ᠃     ᠬᠤᠰᠢᠭᠤ ᠨᠠᠮ ᠤᠨ ᠰᠤᠷᠭᠠᠭᠤᠯᠢ ᠶᠢᠨ ᠳᠡᠭᠡᠳᠦ ᠳᠡᠰ ᠤᠨ ᠪᠠᠭᠰᠢ ᠬᠠᠰᠪᠤᠯᠤᠳ᠄ ︽ᠮᠠᠨ ᠤ ᠤᠯᠠᠮᠵᠢᠯᠠᠯᠲᠤ ᠭᠡᠷ ᠪᠦᠯᠢ ᠶᠢᠨ ᠰᠤᠷᠭᠠᠯ ᠨᠢ ᠶᠡᠭᠡ ᠪᠦᠷᠢᠨ ᠲᠥᠬᠦᠷ ᠰᠢᠰᠲ᠋ᠧᠮᠴᠢᠯᠡᠭᠰᠡᠨ ᠪᠤᠯᠪᠠᠰᠤᠷᠠᠩᠭᠤᠢ ᠬᠦᠮᠦᠵᠢᠯ ᠪᠠᠶᠢᠭᠰᠠᠨ᠂ ᠪᠢᠳᠠ ᠰᠢᠨ᠎ᠡ ᠴᠠᠭ ᠥᠶ᠎ᠡ ᠳᠤ ᠤᠷᠤᠭᠠᠳ ᠲᠡᠷᠡ ᠰᠠᠶᠢᠬᠠᠨ ᠨᠡᠭᠦᠳᠡᠯ ᠠᠬᠤᠢ᠂ ᠪᠠᠶᠢᠭᠠᠯᠢ ᠠᠬᠤᠢ ᠠᠴᠠ ᠪᠠᠨ ᠰᠠᠯᠤᠭᠠᠳ ᠨᠡᠭᠦᠳᠡᠯ ᠠᠬᠤᠢ ᠨᠢ ᠰᠠᠭᠤᠷᠢᠰᠢᠯ ᠪᠤᠯᠤᠭᠠᠳ᠂ ᠰᠠᠭᠤᠷᠢᠰᠢᠯ ᠨᠢ ᠬᠤᠲᠠ ᠶᠢᠨ ᠪᠤᠷᠤᠴᠤᠳ ᠪᠤᠯᠤᠭᠠᠳ ᠠᠮᠢᠳᠤᠷᠠᠯ ᠠᠬᠤᠢ ᠠᠴᠠ ᠪᠠᠨ ᠰᠠᠯᠤᠭᠠᠳ ᠶᠠᠪᠤᠬᠤ ᠳᠤ ᠬᠡᠯᠡ᠂ ᠰᠡᠳᠬᠢᠬᠦᠢ᠂ ᠤᠬᠠᠭᠠᠨ ᠨᠢ ᠢᠪᠴᠤᠤᠷᠠᠳᠠᠭ ᠶᠤᠮ ᠪᠠᠶᠢᠨ᠎ᠠ᠂ ᠲᠡᠭᠡᠭᠡᠳ ᠪᠢᠳᠠ ᠤᠳᠤ ᠰᠢᠨ᠎ᠡ ᠴᠠᠭ ᠥᠶ᠎ᠡ ᠳᠤ ᠣᠷᠣᠵᠣ ᠢᠷᠡᠭᠡᠳ ᠰᠠᠭᠤᠷᠢ ᠪᠠᠨ ᠠᠯᠳᠠᠭᠰᠠᠨ᠂ ᠢᠩᠭᠢᠵᠤ ᠠᠯᠳᠠᠭᠰᠠᠨ ᠠᠴᠠ ᠪᠤᠯᠵᠤ ᠶᠡᠭᠡ ᠬᠦᠴᠢᠷᠳᠡᠯ ᠳᠤ ᠲᠤᠯᠭᠠᠷᠠᠭᠰᠠᠨ᠂ ᠶᠠᠭ ᠡᠶᠢᠮᠦ ᠨᠢᠭᠡ ᠴᠢᠬᠤᠯᠠ ᠴᠢᠨᠠᠷ ᠠᠴᠠ ᠪᠠᠨ ᠪᠤᠯᠤᠭᠠᠳ ᠮᠠᠨ ᠤ ᠡᠨᠡ ᠦᠢᠯᠡᠴᠢᠯᠡᠭᠡᠨ ᠤ ᠲᠦᠪ ᠨᠢ ᠪᠦᠬᠦ ᠨᠡᠶᠢᠬᠡᠮ ᠳᠤ ᠬᠠᠨᠳᠤᠵᠤ ᠭᠡᠷ ᠤᠨ ᠠᠬᠠᠮᠠᠳ᠂ ᠴᠢᠨᠠᠭᠰᠢᠯᠠᠭᠠᠳ ᠪᠠᠭᠰᠢ ᠨᠠᠷ ᠲᠤ᠂ ᠺᠠᠳ᠋ᠷ ᠠᠵᠢᠯᠲᠠᠨ ᠭᠡᠳ ᠪᠦᠬᠦ ᠨᠡᠶᠢᠭᠡᠮ ᠳᠤ ᠴᠢᠭᠯᠡᠭᠦᠯᠦᠨ ᠡᠨᠡ ᠬᠦ᠋ ᠤᠯᠠᠮᠵᠢᠯᠠᠯᠲᠤ ᠭᠡᠷ ᠤᠨ ᠬᠦᠮᠦᠵᠢᠯ ᠢ ᠬᠠᠩᠭᠠᠵᠤ ᠪᠠᠶᠢᠨ᠎ᠠ︾ ᠭᠡᠵᠤ ᠶᠠᠷᠢᠯ᠎ᠠ᠃        ᠣᠶᠢᠷ᠎ᠠ ᠶᠢᠨ ᠵᠢᠯ ᠠᠴᠠ ᠨᠠᠰᠢ᠂  ᠮᠠᠨ ᠤ ᠬᠤᠰᠢᠭᠤ ᠨᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ ᠬᠠᠮᠳᠣᠷᠠᠯᠴᠠᠨ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠣᠨ ᠬᠤᠲᠠ ᠶᠢ ᠴᠣᠭᠴᠠᠯᠠᠨ ᠪᠠᠶᠢᠭᠤᠯᠬᠤ ᠲᠠᠢ ᠣᠶᠠᠯᠳᠣᠭᠤᠯᠣᠨ ᠤᠷᠢᠳ ᠬᠤᠵᠢᠳ ᠪᠠᠭᠠᠴᠣᠣᠨ ᠬᠡᠣᠬᠡᠳ ᠪᠣᠯᠣᠨ ᠭᠡᠷ ᠤᠨ ᠠᠬᠠᠮᠠᠳ ᠤᠨ ᠰᠡᠳᠬᠢᠴᠡ ᠶᠢᠨ ᠵᠢᠯᠣᠭᠤᠳᠣᠯᠭ᠎ᠠ ᠶᠢᠨ ᠨᠡᠶᠢᠬᠡᠮᠯᠢᠭ᠂ ︽ᠮᠢᠩᠭᠠᠨᠪᠤᠤ ᠭᠡᠷ ᠪᠦᠯᠢ ᠶᠢᠨ ᠬᠦᠮᠦᠵᠢᠯ ᠤᠨ ᠦᠢᠯᠡᠴᠢᠯᠡᠭᠡᠨ ᠤ ᠲᠦᠪ︾  ︽ᠬᠠᠨ ᠰᠤᠷᠭᠠᠯ︾  ᠭᠡᠷ ᠪᠦᠯᠢ ᠶᠢᠨ ᠬᠦᠮᠦᠵᠢᠯ ᠤᠨ ᠦᠢᠯᠡᠴᠢᠯᠡᠭᠡᠨ ᠤ ᠲᠥᠪ ᠵᠡᠷᠭᠡ ᠳᠣᠰᠬᠠᠢ ᠪᠠᠶᠢᠭᠤᠯᠣᠮᠵᠢ ᠶᠢ ᠪᠠᠶᠢᠭᠤᠯᠵᠣ ᠣᠯᠠᠨ ᠳᠦᠮᠡᠨ ᠳᠤ ᠣᠶᠢᠯᠡᠴᠢᠯᠠᠵᠣ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠦᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠄ ︽ᠦᠢᠯᠡᠴᠢᠯᠡᠭᠡᠨ ᠤ ᠲᠦᠪ ᠪᠠᠶᠢᠭᠤᠯᠤᠭᠳᠠᠵᠤ ᠨᠢᠭᠡᠨ ᠲᠤᠰᠬᠠᠶᠢᠵᠢᠭᠰᠠᠨ ᠦᠢᠯᠡᠴᠢᠯᠡᠭᠡᠨ ᠤ ᠪᠦᠯᠬᠦᠮ ᠬᠠᠮᠲᠤᠷᠴᠤ ᠠᠵᠢᠯᠯᠠᠵᠤ ᠪᠠᠶᠢᠬᠤ ᠨᠢ ᠶᠠᠭ ᠰᠠᠶᠢᠬᠠᠨ ᠮᠠᠨ ᠤ ᠰᠤᠶᠤᠯ ᠲᠠᠢ᠂ ᠮᠤᠷᠠᠯ ᠲᠠᠢ ᠰᠠᠶᠢᠬᠠᠨ ᠬᠤᠶᠢᠴᠢ ᠥᠶ᠎ᠡ ᠶᠢ ᠬᠦᠮᠦᠵᠢᠭᠦᠯᠬᠦ᠂ ᠤᠨᠴᠠᠭᠠᠶᠢᠯᠠᠨ ᠦᠨᠳᠦᠰᠦᠲᠡᠨ ᠤ ᠬᠤᠶᠢᠴᠢ ᠥᠶ᠎ᠡ ᠶᠢ ᠬᠦᠮᠦᠵᠢᠭᠦᠯᠬᠦ ᠳᠤ ᠶᠡᠭᠡ ᠰᠠᠶᠢᠨ ᠨᠦᠬᠦᠪᠦᠷᠢᠯᠡᠬᠦ ᠦᠢᠯᠡᠳᠦᠯ ᠢ ᠦᠵᠡᠭᠦᠯᠵᠦ ᠪᠠᠶᠢᠨ᠎ᠠ︾ ᠭᠡᠪᠡ᠃      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号