ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠡᠮᠤᠨ᠎ᠠ ᠹᠷᠣᠨᠲ ᠲᠤ ᠭᠦᠨᠵᠡᠭᠡᠶᠢᠷᠡᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020-05-22
     5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ ᠪᠠᠯᠭᠠᠰᠤᠨ ᠤ ᠰᠢᠷᠬᠤᠰᠤ ᠨᠡᠶᠢᠭᠡᠮ ᠲᠣᠭᠤᠷᠢᠭ ᠤᠨ ᠬᠠᠷᠢᠶᠠᠲᠤ ᠣᠷᠣᠨ ᠳᠤ ᠬᠦᠷᠴᠤ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠵᠤ ᠬᠤᠰᠢᠭᠤ ᠤᠳᠤᠷᠢᠳᠤᠯᠭ᠎ᠠ ᠰᠦ᠋ ᠰᠢᠨ ᠹᠠ᠂ ᠹᠧᠩ ᡁᠢ ᠮᠢᠩ ᠪᠤᠯᠤᠨ ᠭᠠᠯᠠᠭᠤᠲᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠬᠠᠷᠢᠶᠠᠲᠤ ᠣᠷᠣᠨ ᠤ ᠵᠠᠷᠢᠮ ᠪᠠᠷᠢᠯᠭ᠎ᠠ ᠨᠢ ᠬᠠᠭᠤᠴᠢᠷᠠᠵᠤ ᠡᠪᠳᠡᠷᠡᠭᠰᠡᠨ᠂ ᠵᠠᠷᠢᠮ ᠰᠠᠭᠤᠭᠠᠯᠢ ᠠᠷᠠᠳ ᠤᠨ ᠲᠣᠭᠤᠷᠢᠭ ᠵᠡᠭᠡᠯᠢ ᠭᠤᠳᠤᠮᠵᠢ ᠶᠢ ᠰᠠᠶᠢᠨ ᠴᠡᠪᠡᠷᠯᠡᠭᠰᠡᠨ ᠦᠬᠡᠢ᠂ ᠵᠠᠷᠢᠮ ᠬᠤᠭᠤᠰᠤᠨ ᠭᠠᠵᠠᠷ ᠲᠤ ᠬᠤᠭ ᠨᠣᠪᠰᠢ ᠤᠪᠤᠭᠠᠯᠠᠭᠰᠠᠨ ᠵᠡᠷᠭᠡ ᠪᠠᠶᠢᠳᠠᠯ ᠢ ᠥᠵᠠᠭᠡᠳ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠭᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠤᠨ ᠡᠭᠦᠷᠭᠡ ᠭᠥᠨᠳᠤ ᠪᠠᠶᠢᠨ᠎ᠠ᠂ ᠡᠷᠬᠡᠪᠰᠢ ᠡᠲᠡᠭᠡᠷ ︽ᠳᠤᠲᠠᠭᠤᠳᠠᠯ︾ ᠳᠤ ᠵᠥᠪ ᠢᠶᠠᠷ ᠬᠠᠨᠳᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠤᠶᠢᠯᠠᠭᠠᠭᠳᠠᠬᠤᠨ ᠢ ᠪᠤᠢ ᠪᠣᠯᠭᠠᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ ᠬᠢᠨᠠᠯᠲᠠ ᠬᠠᠮᠢᠶᠠᠷᠤᠯᠲᠠ ᠪᠠ ᠬᠠᠮᠠᠭᠠᠯᠠᠯᠲᠠ ᠪᠠᠨ ᠴᠢᠩᠭᠠᠳᠬᠠᠨ  ᠣᠷᠣᠰᠢᠨ ᠰᠠᠭᠤᠷᠢᠰᠢᠬᠤ ᠳᠤ ᠨᠡᠩ ᠲᠣᠬᠢᠷᠠᠮᠵᠢᠲᠠᠢ ᠪᠤᠯᠭᠠᠵᠦ ᠠᠷᠠᠳ ᠤᠯᠠᠨ ᠳᠤ ᠨᠡᠩ ᠤᠯᠠᠨ ᠵᠣᠯ ᠵᠢᠷᠭᠠᠯᠲᠤ ᠲᠦᠷᠦᠭᠳᠡᠯ ᠪᠠ ᠠᠰᠢᠭ ᠬᠦᠷᠳᠡᠭᠰᠡᠨ ᠲᠦᠷᠦᠭᠳᠡᠯ ᠣᠯᠭᠤᠬᠤ ᠬᠡᠷᠡᠭᠲᠡᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠤᠳᠤᠷᠢᠳᠤᠯᠭ᠎ᠠ ᠪᠠᠨ ᠴᠢᠩᠭᠠᠳᠬᠠᠨ ᠨᠢᠮᠪᠠᠶ ᠵᠣᠬᠢᠶᠠᠨ ᠪᠠᠶᠢᠭᠤᠯᠵᠤ  ᠰᠢᠶᠠᠨ ᠤ ᠲᠠᠰ ᠤᠨ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠤᠪᠢᠶᠠᠷᠢᠯᠠᠨ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠭᠤᠯᠤᠮᠵᠢ ᠪᠠᠨ ᠲᠡᠭᠦᠯᠳᠡᠷᠵᠢᠭᠦᠯᠤᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ ᠳᠦᠷᠢᠮ ᠲᠣᠭᠲᠠᠴᠠ ᠶᠢ ᠲᠡᠭᠦᠯᠳᠡᠷᠵᠢᠭᠦᠯᠤᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠠᠮᠲᠤᠪᠠᠷ ᠠᠳᠬᠤᠬᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠠᠮᠵᠢᠯᠴᠠᠨ ᠠᠳᠬᠤᠬᠤ᠂ ᠲᠤᠰᠬᠠᠶ ᠪᠠᠶᠢᠭᠤᠯᠤᠮᠵᠢ ᠪᠣᠳᠠᠲᠠᠶ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ ᠬᠥᠮᠦᠨ ᠪᠣᠯᠭᠠᠨ ᠬᠠᠷᠢᠭᠤᠴᠠᠯᠭ᠎ᠠ ᠲᠠᠢ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠳᠠ ᠲᠠᠢ ᠠᠵᠢᠯ ᠤᠨ ᠲᠣᠭᠲᠠᠴᠠ ᠶᠢ ᠪᠠᠶᠢᠭᠤᠯᠬᠤ ᠭᠡᠷᠡᠭᠳᠠᠢ᠃ ᠪᠠᠶᠢᠳᠠᠯ ᠢ ᠲᠣᠳᠣᠷᠬᠠᠶ ᠲᠠᠨᠢᠨ ᠲᠠᠨᠢᠯᠲᠠ ᠪᠠᠨ ᠳᠡᠭᠡᠭᠰᠢᠯᠡᠭᠦᠯᠵᠦ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠪᠠᠶᠢᠴᠠᠭᠠᠯᠳᠠ ᠶᠢ ᠤᠭᠳᠤᠬᠤ ᠠᠵᠢᠯ ᠤᠨ ᠲᠤᠯᠭᠠᠮ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ   ᠪᠠᠨ ᠨᠡᠮᠡᠭᠳᠡᠭᠦᠯᠤᠨ ᠠᠵᠢᠯ ᠢᠶᠠᠨ ᠰᠠᠶᠢᠲᠤᠷ ᠲᠥᠯᠥᠪᠵᠢᠭᠦᠯᠵᠦ ᠪᠦᠬᠦ ᠲᠠᠯ᠎ᠠ ᠪᠠᠷ ᠪᠠᠶᠢᠷᠢᠯᠠᠭᠤᠯᠤᠨ ᠳᠤᠲᠠᠭᠤᠳᠠᠯ ᠢᠶᠠᠨ ᠨᠥᠭᠦᠪᠤᠷᠢᠯᠠᠵᠦ ᠬᠦᠴᠢᠷ ᠪᠡᠷᠬᠡ ᠶᠢ ᠲᠤᠭᠤᠯᠬᠤ ᠬᠡᠷᠡᠭᠲᠡᠢ᠃ ᠠᠰᠠᠭᠤᠳᠠᠯ ᠢ ᠪᠠᠶᠢᠴᠠᠭᠠᠵᠤ ᠰᠢᠯᠭᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ ᠡᠭᠦᠳᠦᠨ ᠪᠠᠶᠢᠭᠤᠯᠬᠤ ᠶᠠᠪᠤᠴᠠ ᠳᠤ ᠢᠯᠡᠷᠡᠭᠰᠡᠨ ᠪᠠᠭᠤᠷᠠᠶ ᠲᠠᠯ᠎ᠠ ᠶᠢ ᠲᠦᠢᠯᠪᠤᠷᠢᠲᠠᠶ ᠴᠡᠭᠴᠡᠯᠡᠨ ᠵᠠᠰᠠᠬᠤ ᠭᠡᠷᠡᠭᠳᠠᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠠᠵᠢᠯᠯᠠᠭ᠎ᠠ ᠳᠤ  ᠠᠩᠬᠠᠷᠤᠯ ᠢᠶᠠᠨ ᠲᠥᠪᠯᠠᠷᠠᠭᠦᠯᠤᠨ ᠰᠠᠶᠢᠨ ᠳᠤᠷ᠎ᠠ ᠶᠢᠨ ᠥᠢᠯᠡᠴᠢᠯᠡᠭᠡ ᠶᠢᠨ ᠲᠥᠷᠢᠮᠵᠢᠭᠦᠯᠥᠯᠳᠠ ᠪᠠᠶᠢᠩᠭᠤᠵᠢᠭᠤᠯᠤᠯᠳᠠ ᠶᠢ ᠠᠬᠢᠭᠤᠯᠵᠤ ᠰᠠᠶᠢᠨ ᠲᠤᠷ᠎ᠠ ᠶᠢᠨ ᠥᠢᠯᠡᠴᠢᠯᠡᠭᠡᠨ ᠤ ᠲᠤᠭᠳᠠᠯᠴᠠᠭ᠎ᠠ ᠶᠢ ᠲᠠᠰᠤᠷᠠᠯᠲᠠ ᠥᠬᠡᠶ ᠪᠦᠷᠢᠨᠰᠢᠬᠦᠯᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤᠮᠳᠠᠬᠢ ᠰᠠᠶᠢᠨ ᠳᠤᠷ᠎ᠠ ᠶᠢᠨ ᠥᠢᠯᠡᠴᠢᠯᠡᠭᠡᠨ ᠤ ᠢᠳᠡᠪᠬᠢ ᠦᠢᠯᠡᠳᠦᠯ ᠢ ᠨᠠᠩ ᠰᠠᠶᠢᠨ  ᠪᠠᠳᠠᠷᠠᠭᠤᠯᠬᠤ ᠭᠡᠷᠡᠭᠳᠠᠢ᠃ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ︽ᠠᠷᠪᠠᠨ ᠶᠡᠭᠡ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ ᠪᠦᠬᠦ ᠬᠤᠰᠢᠭᠤᠨ ᠤ ᠠᠷᠠᠳ ᠲᠦᠮᠡᠨ ᠤ ᠪᠣᠯᠪᠠᠰᠤᠨ ᠬᠡᠪ ᠴᠢᠨᠠᠷ ᠪᠣᠯᠤᠨ ᠶᠣᠰᠣ ᠰᠤᠷᠲᠠᠬᠤᠨ ᠤ ᠪᠣᠯᠪᠠᠰᠤᠷᠠᠯ ᠢ ᠲᠡᠭᠡᠭᠰᠢᠯᠠᠭᠦᠯᠭᠦ ᠭᠡᠷᠡᠭᠳᠠᠢ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠷᠤᠯᠴᠠᠵᠤ ᠤᠬᠠᠭᠤᠯᠬᠤ ᠶᠢ ᠴᠢᠩᠭᠠᠳᠬᠠᠨ ᠶᠣᠰᠣ ᠮᠣᠷᠠᠯ ᠤᠨ ᠵᠢᠱᠢᠶᠠᠴᠢ ᠶᠢ ᠰᠠᠶᠢᠳᠤᠷ ᠤᠬᠠᠭᠤᠯᠬᠤ ᠭᠡᠷᠡᠭᠳᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠡᠶᠢᠭᠡᠮ ᠲᠣᠭᠤᠷᠢᠭ ᠬᠠᠮᠵᠢᠯᠴᠠᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠯᠡ ᠪᠠᠷ ᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ ᠪᠣᠯᠪᠠᠰᠤᠨ ᠪᠤᠰᠤ ᠦᠢᠯᠡ ᠠᠵᠢᠯᠯᠠᠭ᠎ᠠ ᠬᠢᠭᠰᠡᠨ ᠬᠥᠮᠦᠰ ᠢ ᠬᠠᠷ᠎ᠠ ᠳᠠᠩᠰᠠ ᠳᠤ ᠤᠷᠤᠭᠤᠯᠤᠨ ᠣᠯᠠᠨ ᠲᠦᠮᠡᠨ ᠢ ᠲᠠᠶᠢᠴᠢᠯᠠᠨ ᠠᠷᠠᠳ ᠤᠨ ᠰᠡᠳᠬᠢᠯ ᠢ ᠨᠢᠭᠳᠠᠷᠠᠭᠤᠯᠵᠤ ᠡᠭᠦᠳᠦᠨ ᠪᠠᠶᠢᠭᠤᠯᠤᠯᠳᠠ ᠶᠢᠨ ᠠᠵᠢᠯ ᠤᠨ ᠪᠦᠷᠬᠦᠴᠡ ᠶᠢᠨ ᠬᠡᠪᠴᠢᠶ᠎ᠡ ᠪᠣᠯᠤᠨ ᠨᠥᠯᠥᠭᠡᠯᠡᠬᠦ ᠬᠦᠴᠦᠨ ᠢ ᠥᠷᠭᠡᠳᠭᠡᠨ ᠪᠥᠭᠦ ᠬᠤᠰᠢᠭᠤᠨ ᠤ ᠭᠡᠪᠴᠢᠶᠠᠨ ᠳᠤ ᠬᠥᠮᠦᠨ ᠪᠦᠬᠦᠨ ᠡᠭᠦᠳᠦᠨ ᠪᠠᠶᠢᠭᠤᠯᠤᠯᠳᠠ ᠶᠢ ᠤᠶᠢᠯᠠᠭᠠᠭᠰᠠᠨ ᠲᠠᠮᠵᠢᠭ᠍ᠰᠡᠨ ᠡᠭᠦᠳᠤᠨ ᠪᠠᠶᠢᠭᠤᠯᠤᠯᠳᠠ ᠳᠤ ᠤᠷᠤᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠢ ᠪᠤᠯᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号