ᠰᠢ ᠶᠢᠨ ᠫᠢᠩ ᠪᠢᠷᠮᠠ ᠶᠢᠨ ᠶᠡᠷᠦᠩᠬᠡᠶᠢᠯᠡᠭᠴᠢ ᠸᠧᠨᠮᠢᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-22
   ᠤᠯᠤᠰ ᠤᠨ ᠳᠡᠷᠢᠬᠦᠯᠡᠭᠴᠢ ᠰᠢ ᠶᠢᠨ ᠫᠢᠩ 5 ᠰᠠᠷ᠎ᠠ ᠶᠢᠨ 20 ᠤ ᠤᠷᠤᠢ ᠪᠢᠷᠮᠠ ᠶᠢᠨ ᠶᠡᠷᠦᠩᠬᠡᠶᠢᠯᠡᠭᠴᠢ ᠸᠧᠨᠮᠢᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠳᠤᠮᠳᠠᠳᠤ ᠤᠯᠤᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠬᠰᠠᠨ ᠤ ᠳᠠᠷᠠᠭ᠎ᠠ᠂ ᠪᠢᠷᠮᠠ ᠶᠢᠨ ᠵᠠᠰᠠᠬ ᠤᠨ ᠤᠷᠳᠤᠨ ᠪᠤᠯᠤᠨ ᠨᠡᠶᠢᠬᠡᠮ ᠤᠨ ᠡᠯ᠎ᠡ ᠡᠳᠡᠬᠡᠳ ᠤᠨ ᠬᠢᠨ ᠳᠤᠮᠳᠠᠳᠤ ᠤᠯᠤᠰ ᠲᠤ ᠳᠤᠰᠠᠯᠠᠮᠵᠢ ᠦᠵᠡᠬᠦᠯᠪᠡ᠃ ᠪᠢᠷᠮᠡ ᠳᠠᠬᠢ ᠬᠢᠵᠢᠭ ᠤᠨ ᠪᠠᠶᠢᠳᠠᠯ ᠪᠢᠳᠡᠨ ᠤ ᠰᠡᠳᠬᠢᠯ ᠢ ᠬᠦᠨᠳᠡᠵᠦ ᠪᠤᠢ᠃ ᠳᠤᠮᠳᠠᠳᠤ ᠤᠯᠤᠰ ᠪᠢᠷᠮᠠ ᠳᠤ ᠤᠯᠠᠨ ᠤᠳᠠᠭ᠎ᠠ ᠬᠢᠵᠢᠭ ᠲᠠᠢ ᠳᠡᠮᠡᠴᠡᠬᠦ ᠡᠳ᠋ ᠪᠤᠳᠠᠰ ᠬᠠᠨᠳᠢᠪᠯᠡᠬᠰᠠᠨ ᠪᠦᠬᠡᠳ ᠬᠤᠶᠠᠷ ᠪᠦᠯᠦᠭ ᠡᠮᠴᠢᠯᠡᠬᠡᠨ ᠤ ᠳᠤᠰᠬᠠᠢ ᠮᠡᠷᠬᠡᠵᠢᠯᠳᠡᠨ ᠤ ᠳᠤᠭᠤᠢᠢᠯᠠᠩ ᠳᠤᠮᠢᠯᠠᠵᠥ ᠪᠢᠷᠮᠠ ᠶᠢᠨ ᠡᠮᠨᠡᠯᠬᠡ ᠶᠢᠨ ᠠᠵᠢᠯᠳᠠᠳ ᠲᠠᠢ ᠬᠠᠮᠳᠤ ᠪᠠᠷ ᠳᠡᠮᠡᠴᠡᠵᠥ ᠪᠠᠶᠢᠨ᠎ᠠ᠃ ᠡᠨᠡ ᠨᠢ ᠬᠤᠶᠠᠷ ᠤᠯᠤᠰ ᠤᠨ ᠠᠷᠠᠳ ᠳᠦᠮᠡᠨ ᠤ ᠬᠠᠳᠠᠭᠤ ᠪᠡᠷᠬᠡᠰᠢᠶᠡᠯ ᠢ ᠬᠠᠮᠳᠤ ᠪᠠᠷ ᠳᠤᠭᠤᠯᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ ᠠᠬ᠎ᠠ ᠳᠡᠬᠦᠦ ᠶᠢᠨ ᠰᠡᠳᠬᠢᠯᠬᠡ ᠶᠢ ᠬᠦᠢᠴᠡᠳ ᠬᠠᠷᠠᠭᠤᠯᠵᠥ᠂ ᠳᠤᠮᠳᠠᠳᠤ ᠪᠢᠷᠮᠠ ᠶᠢᠨ ᠵᠤᠪᠠᠭᠤᠷᠢ ᠵᠦᠳᠡᠬᠦᠷᠢ ᠪᠠᠨ ᠬᠠᠮᠳᠤᠳᠬᠠᠬᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠵᠤᠷᠢᠬ ᠰᠠᠨᠠᠭ᠎ᠠ ᠶᠢ ᠬᠦᠨᠵᠡᠬᠡᠢ ᠢᠯᠡᠷᠡᠭᠦᠯᠪᠡ᠃ ᠳᠤᠮᠳᠠᠳᠤ ᠤᠯᠤᠰ ᠪᠢᠷᠮᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠦᠷᠬᠦᠯᠵᠢᠯᠡᠨ ᠡᠷᠡᠰ ᠳᠡᠮᠵᠢᠯᠬᠡ ᠪᠠ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠬᠦᠯᠦᠨ᠎ᠡ᠃ ᠪᠢᠷᠮᠠ ᠶᠢᠨ ᠠᠷᠠᠳ ᠳᠦᠮᠡᠨ ᠬᠢᠵᠢᠭ ᠤᠨ ᠪᠠᠶᠢᠳᠠᠯ ᠢ ᠯᠠᠪᠲᠠᠢ ᠳᠠᠶᠢᠯᠠᠨ ᠢᠯᠠᠨ᠎ᠡ ᠬᠡᠳᠡᠭ ᠢ ᠢᠳᠡᠬᠡᠵᠥ ᠪᠠᠶᠢᠨ᠎ᠠ᠃ ᠳᠤᠮᠳᠠᠳᠤ ᠤᠯᠤᠰ ᠳᠤᠷᠠᠳᠠᠶ᠎ᠠ ᠪᠢᠷᠮᠠ ᠶᠢ ᠪᠠᠭᠳᠠᠭᠠᠬᠰᠠᠨ ᠳᠡᠯᠡᠬᠡᠢ ᠨᠡᠶᠢᠬᠡᠮ ᠤᠨ ᠬᠢᠨ ᠲᠠᠢ ᠬᠠᠮᠳᠤ ᠪᠠᠷ ᠳᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠦᠷᠬᠦᠯᠵᠢᠯᠡᠨ ᠳᠡᠮᠵᠢᠵᠥ᠂ ᠤᠯᠠᠨ ᠤᠯᠤᠰ ᠤᠨ ᠳᠦᠪ ᠭᠤᠤᠯᠴᠢ ᠰᠢᠳᠤᠷᠭᠤ ᠶᠤᠰᠤ ᠪᠤᠯᠤᠨ ᠤᠯᠠᠨ ᠤᠯᠤᠰ ᠤᠨ ᠬᠠᠷᠢᠯᠴᠠᠭ᠎ᠠ ᠶᠢᠨ ᠦᠨᠳᠦᠰᠦᠨ ᠵᠠᠷᠴᠢᠮ ᠢ ᠡᠷᠡᠰ ᠬᠠᠮᠠᠭᠠᠯᠠᠵᠥ᠂ ᠭᠠᠷ ᠬᠤᠯᠪᠤᠯᠴᠠᠨ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠮᠠᠭᠠᠯᠠᠯᠳᠠ ᠶᠢᠨ ᠳᠠᠶᠢᠯᠠᠯᠳᠤᠭᠠᠨ ᠤ ᠢᠯᠠᠯᠳᠠ ᠶᠢ ᠤᠯᠤᠨ᠎ᠠ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠡᠨᠡ ᠵᠢᠯ ᠪᠤᠯ ᠲᠤᠮᠲᠠᠲᠤ ᠪᠢᠷᠮᠠ ᠶᠢᠨ ᠭᠠᠲᠠᠭᠠᠲᠤ ᠬᠠᠷᠢᠯᠴᠠᠭ᠎ᠠ ᠪᠠᠶᠢᠭᠤᠯᠤᠭᠰᠠᠠ 70 ᠵᠢᠯ ᠤᠨ ᠤᠢ ᠪᠤᠯᠤᠨ᠎ᠠ᠃ ᠡᠨᠡ ᠵᠢᠯ ᠤᠨ 1 ᠰᠠᠷ᠎ᠠ ᠳᠤ ᠪᠢ ᠡᠷᠬᠢᠮ ᠤᠯᠤᠰ ᠲᠤ ᠠᠮᠵᠢᠯᠲᠠ ᠲᠠᠢ ᠠᠶᠢᠯᠴᠢᠯᠠᠯᠲᠠ ᠬᠢᠵᠦ᠂ ᠪᠢᠲᠠ ᠲᠤᠮᠲᠠᠲᠤ ᠪᠢᠷᠮᠠ ᠶᠢᠨ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠰᠠᠨᠠᠯ ᠨᠢᠭᠡᠲᠡᠢ ᠵᠦᠪᠰᠢᠶᠡᠷᠡᠵᠦ᠂ ᠲᠤᠮᠲᠠᠲᠤ ᠪᠢᠷᠮᠠ ᠶᠢᠨ ᠬᠠᠷᠢᠯᠴᠠᠭ᠎ᠠ ᠶᠢᠨ ᠰᠢᠨ᠎ᠠ ᠴᠠᠭ ᠦᠶ᠎ᠠ ᠶᠢ ᠨᠡᠭᠡᠭᠡᠵᠠᠢ᠃ ᠬᠤᠶᠠᠷ ᠲᠠᠯ᠎ᠠ ᠪᠠᠷ ᠢᠶᠠᠨ ᠬᠠᠮᠵᠢᠯᠴᠠᠭ᠎ᠠ ᠪᠠᠨ ᠨᠢᠭᠲᠠᠷᠠᠭᠤᠯᠤᠨ ᠠᠶᠢᠯᠴᠢᠯᠠᠯᠲᠠ ᠶᠢᠨ ᠦᠷ᠎ᠡ ᠪᠦᠳᠦᠭᠡᠯ ᠢ ᠪᠤᠲᠠᠲᠠᠢ ᠳᠤ ᠨᠠᠶᠢᠲᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠰᠠᠭᠤᠷᠢᠨ ᠲᠡᠭᠡᠷ᠎ᠠ᠂ ᠡᠯ᠎ᠠ ᠬᠦᠷᠢᠶᠡᠡ ᠳᠠᠬᠢ ᠶᠠᠪᠤᠯᠴᠠᠭ᠎ᠠ ᠬᠠᠮᠲᠤᠷᠠᠯᠴᠠᠭ᠎ᠠ ᠪᠠᠨ ᠯᠠᠪᠲᠠᠭᠤᠨ ᠠᠬᠢᠭᠤᠯᠵᠦ᠂ ᠠᠵᠦ ᠠᠬᠤᠢ ᠶᠢᠨ ᠬᠤᠩᠭᠢᠯ ᠤᠨ ᠲᠦᠷᠦᠯ ᠵᠦᠢᠯ ᠤᠨ ᠲᠠᠯ᠎ᠠ ᠪᠠᠷ ᠢᠲᠡᠪᠬᠢᠲᠠᠢ ᠠᠬᠢᠯᠲᠠ ᠭᠠᠷᠭᠠᠬᠤ ᠶᠢ ᠠᠬᠢᠭᠤᠯᠪᠠᠯ ᠵᠤᠬᠢᠨ᠎ᠠ᠃ ᠬᠤᠶᠠᠷ ᠤᠯᠤᠰ ᠤᠨ ᠬᠤᠯᠪᠤᠭᠠᠯᠠᠠ ᠰᠡᠷᠭᠡᠶᠢᠯᠡᠵᠦ ᠬᠤᠯᠪᠤᠭᠠᠯᠠᠠ ᠡᠵᠡᠮᠲᠡᠬᠦ ᠲᠤᠭᠲᠠᠴᠠ ᠶᠢ ᠰᠠᠶᠢᠲᠤᠷ ᠭᠡᠷᠡᠭᠯᠡᠵᠦ᠂ ᠬᠢᠯᠢ ᠬᠢᠵᠠᠭᠠᠷ ᠤᠨ ᠠᠮᠤᠷ ᠲᠦᠪᠰᠢᠨ ᠠᠮᠤᠷ ᠠᠮᠤᠭᠤᠯᠠᠩ ᠢ ᠬᠠᠮᠠᠭᠠᠯᠠᠬᠤ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠲᠦᠯᠲᠡᠢ ᠲᠦᠯᠦᠪᠵᠢᠭᠦᠯᠪᠠᠯ ᠵᠤᠬᠢᠨ᠎ᠠ ᠭᠡᠵᠦ ᠴᠢᠬᠤᠯᠠᠴᠢᠯᠠᠪᠠ᠃    ᠸᠧᠨᠮᠢᠨ᠂ ᠲᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ ᠳᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠬᠢᠵᠢᠭ ᠤᠨ ᠪᠠᠶᠢᠳᠠᠯ ᠢ ᠪᠦᠲᠦᠮᠵᠢᠳᠠᠢ ᠰᠡᠷᠭᠡᠶᠢᠯᠡᠨ ᠡᠵᠡᠮᠳᠡᠵᠤ᠂ ᠪᠦᠬᠦ ᠤᠯᠤᠰ ᠤᠨ ᠠᠵᠤ ᠠᠬᠤᠢ ᠨᠡᠶᠢᠭᠡᠮ ᠠᠮᠢᠳᠤᠷᠠᠯ ᠪᠦᠬᠦ ᠲᠠᠯ᠎ᠠ ᠪᠠᠷ ᠰᠡᠷᠭᠦᠭᠰᠡᠨ ᠳᠤ ᠪᠢᠷᠮᠠ ᠶᠢᠨ ᠬᠢᠨ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠤᠯᠤᠨ ᠪᠢᠷᠮᠠ ᠶᠢ ᠪᠠᠭᠳᠠᠭᠠᠭᠰᠠᠨ ᠪᠤᠰᠤᠳ ᠤᠯᠤᠰ ᠤᠨ ᠬᠢᠵᠢᠭ ᠲᠠᠢ ᠲᠡᠮᠡᠴᠡᠬᠦ ᠳᠤ ᠳᠡᠮᠵᠢᠯᠭᠡ ᠪᠠ ᠬᠠᠪᠰᠤᠷᠤᠯᠭ᠎ᠠ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ ᠬᠢᠵᠢᠭ ᠤᠨ ᠪᠠᠶᠢᠳᠠᠯ ᠤᠨ ᠡᠮᠦᠨ᠎ᠠ᠂ ᠡᠯ᠎ᠠ ᠤᠯᠤᠰ ᠬᠠᠮᠳᠤᠷᠠᠯᠴᠠᠭ᠎ᠠ ᠪᠠᠨ ᠴᠢᠩᠭᠠᠳᠬᠠᠨ᠂ ᠤᠯᠠᠨ ᠤᠯᠤᠰ ᠤᠨ ᠰᠢᠳᠤᠷᠭᠤ ᠶᠤᠰᠤ ᠶᠢ ᠬᠠᠮᠠᠭᠠᠯᠠᠵᠤ᠂ ᠤᠯᠤᠰ ᠨᠢᠭᠡ ᠪᠦᠷᠢ ᠶᠢᠨ ᠬᠦᠭᠵᠢᠯᠳᠡ ᠶᠢᠨ ᠡᠷᠬᠡ ᠠᠰᠢᠭ ᠢ ᠬᠠᠮᠠᠭᠠᠯᠠᠪᠠᠯ ᠵᠤᠬᠢᠨ᠎ᠠ᠃ ᠪᠢᠷᠮᠠ ᠳᠤᠮᠳᠠᠳᠤ ᠬᠤᠶᠠᠷ ᠤᠯᠤᠰ ᠤᠨ ᠰᠠᠶᠢᠨ ᠰᠠᠶᠢᠬᠠᠨ ᠬᠠᠮᠳᠤᠷᠠᠯᠴᠠᠭ᠎ᠠ ᠪᠤᠯ ᠳᠠᠷᠤᠢ ᠬᠤᠶᠠᠷ ᠲᠠᠯ᠎ᠠ ᠪᠠᠷ ᠢᠶᠠᠨ ᠪᠢᠷᠮᠠ ᠳᠤᠮᠳᠠᠳᠤ ᠶᠢᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠᠷ ᠴᠢᠷᠮᠠᠶᠢᠭᠰᠠᠨ ᠤ ᠪᠤᠳᠠᠳᠤ ᠬᠡᠷᠡᠴᠢᠯᠡᠯ ᠪᠤᠯᠤᠨ᠎ᠠ᠃ ᠪᠢᠷᠮᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠪᠠᠷᠢᠮᠳᠠᠯᠠᠨ᠎ᠠ᠃ ᠪᠢᠷᠮᠠ ᠶᠢᠨ ᠬᠢᠨ ᠳᠤᠷᠠᠳᠠᠶ᠎ᠠ ᠳᠤᠮᠳᠠᠳᠤ ᠤᠯᠤᠰ ᠲᠠᠢ ᠬᠠᠮᠳᠦ ᠪᠠᠷ ᠲᠡᠷᠢᠭᠦᠯᠡᠭᠴᠢ ᠰᠢ ᠶᠢᠨ ᠫᠢᠩ ᠤᠨ ᠡᠨᠡ ᠵᠢᠯ ᠤᠨ 1 ᠰᠠᠷ᠎ᠠ ᠳᠤ ᠪᠢᠷᠮᠠ ᠳᠤ ᠠᠶᠢᠯᠴᠢᠯᠠᠭᠰᠠᠨ ᠦᠷ᠎ᠠ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠬ᠎ᠠ ᠳᠡᠭᠦᠦ ᠶᠢᠨ ᠨᠦᠬᠦᠷᠯᠡᠯ ᠵᠢᠴᠢ ᠡᠯ᠎ᠠ ᠬᠦᠷᠢᠶᠡᠨ ᠤ ᠬᠠᠮᠳᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ᠪᠢᠷᠮᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠬᠦᠭᠵᠢᠬᠦ ᠶᠢ ᠠᠬᠢᠭᠤᠯᠤᠨ᠎ᠠ ᠭᠡᠵᠤ ᠢᠯᠡᠳᠭᠡᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号